ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠪᠠᠶᠢᠭ᠎ᠠ ᠲᠠᠰᠢᠷᠠᠮ ᠳᠤ᠂ 5 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠳᠤᠭᠤᠨ ᠤ | ᠰᠤᠳᠤᠯᠭᠠᠨ ᠤ ᠬᠡᠯᠲᠡᠰ ᠤᠨ ᠳᠡᠳ᠋ ᠡᠷᠬᠢᠯᠡᠭᠴᠢ᠂ ᠬᠤᠶᠠᠳᠤᠭᠠᠷ ᠳᠡᠰ ᠤᠨ ᠫᠷᠤᠹᠧᠰᠰᠤᠷ ᠯᠢ ᠶᠠᠨ ᠹᠧᠨ ᠢ ᠤᠷᠢᠵᠤ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ︾ ᠲᠤᠰᠬᠠᠶ ᠰᠡᠳᠦᠪᠲᠦ | ᠵᠢᠯᠣᠭᠤᠳᠣᠯᠭ᠎ᠠ ᠬᠢᠯᠭᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠰᠢᠨ ᠢᠦᠶ ᠬᠤᠷᠠᠯ | ᠡᠷᠭᠢᠯᠡᠪᠡ᠃ | ᠯᠢ ᠶᠠᠨ ᠹᠧᠨ ᠫᠷᠤᠹᠧᠰᠰᠤᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠱᠤᠭᠤᠮ ᠤᠨ ᠲᠣᠭᠤᠷᠢᠨ ᠳᠤ᠂ ᠪᠦᠷᠢᠯᠳᠦᠬᠦ ᠶᠠᠪᠤᠴᠠ ᠶᠢ ᠵᠥᠪ ᠢᠶᠠᠷ ᠲᠠᠨᠢᠬᠤ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠣᠨᠣᠪᠴᠢᠲᠠᠢ ᠡᠵᠡᠮᠳᠡᠬᠦ᠂ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠦᠢᠯᠡᠳᠦᠯᠭᠡ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠵᠡᠷᠭᠡ ᠤᠯᠠᠨ ᠲᠠᠯ᠎ᠠ ᠠᠴᠠ | ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ | ᠲᠣᠰ ᠤᠳᠠᠭᠠᠨ ᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠶᠢ ᠥᠷᠨᠢᠭᠦᠯᠬᠦ ᠪᠣᠯ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠶ | ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ ᠪᠣᠳᠠᠲᠠᠶ ᠠᠵᠢᠯᠯᠠᠭ᠎ᠠ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠤᠯ ᠰᠢᠵᠢᠮ ᠪᠣᠯᠭᠠᠵᠤ᠂ ︽ᠬᠤᠶᠠᠷ ᠰᠠᠷ᠎ᠠ ᠨᠢᠭᠡ ᠭᠠᠷᠠᠭ︾ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠦᠷᠭᠦᠯᠵᠢᠯᠡᠨ | ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠶᠢᠨ ᠨᠢᠭᠡ ᠮᠥᠨ᠃ ᠡᠨᠡ ᠬᠦ ᠬᠤᠭᠤᠴᠠᠭᠠᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠶ ᠬᠥᠳᠡᠯᠦᠯᠴᠡᠵᠦ᠂ ᠣᠨᠣᠯ ᠰᠤᠷᠤᠯᠴᠠᠬᠤ ᠭᠤᠤᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ | ᠬᠡᠯᠪᠡᠷᠢ ᠪᠠᠷ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠰᠤᠷᠤᠯᠴᠠᠵᠤ᠂ | ᠪᠠᠶᠠᠯᠢᠭ ᠰᠠᠶᠢᠬᠠᠨ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠨ ᠲᠥᠯᠥᠪᠯᠡᠬᠦ ᠶᠢᠨ ᠬᠠᠮᠲᠤ ᠥᠷᠨᠢᠭᠦᠯᠵᠦ᠂ ᠭᠤᠤᠯ ᠱᠤᠭᠤᠮ ᠤᠨ ᠠᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠪᠠ᠃ ︽ᠡᠬᠡ ᠪᠠᠶᠢᠭᠠᠯᠢ ᠳᠤ ᠣᠴᠢᠵᠤ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ︾ | ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠤᠬᠠᠭᠤᠯᠭ᠎ᠠ ᠶᠢᠨ ᠠᠵᠢᠯᠯᠠᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠠᠨᠠᠷ ᠤᠨ ᠬᠡᠯᠬᠢᠶ᠎ᠡ︾ ᠶᠢᠨ | ᠰᠢᠷᠢᠰ ᠠᠵᠢᠯᠯᠠᠭ᠎ᠠ ᠳᠤ ᠣᠷᠣᠯᠴᠠᠬᠤ᠂ ᠶᠠᠳᠠᠭᠤ ᠬᠦᠴᠢᠷᠳᠡᠯᠲᠡᠶ ᠪᠤᠶᠢᠳᠠ ᠪᠥᠭᠯᠡᠭᠦᠤ ᠭᠠᠵᠠᠷ ᠣᠷᠣᠨ ᠳᠤ ᠡᠳ᠋ ᠪᠣᠳᠠᠰ ᠬᠠᠨᠳᠢᠪᠯᠠᠬᠤ ᠵᠡᠷᠭᠡ ᠶᠢ ᠡᠷᠬᠢᠯᠡᠪᠡ᠂ ᠡᠲᠡᠭᠡᠷ | ᠠᠵᠢᠯᠯᠠᠭ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠦᠵᠡᠭᠦᠯᠦᠭᠰᠡᠨ ᠢᠳᠡᠪᠬᠢᠲᠡᠶ | ᠬᠤᠪᠢ ᠨᠡᠮᠡᠷᠢ ᠶᠢ ᠭᠦᠢᠴᠡᠳ ᠢᠯᠡᠷᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ︽ᠬᠤᠶᠠᠷ ᠰᠠᠷ᠎ᠠ ᠨᠢᠭᠡ ᠭᠠᠷᠠᠭ︾ ᠤᠨ ᠠᠵᠢᠯᠯᠠᠭ᠎ᠠ ᠶᠢ ᠦᠷᠭᠦᠯᠵᠢᠯᠡᠨ | ᠰᠠᠶᠢᠲᠤᠷ ᠥᠷᠨᠢᠭᠦᠯᠵᠦ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠤᠨ ᠰᠤᠷᠭᠠᠭᠤᠯᠢ ᠳᠤ ᠬᠦᠷᠴᠦ | ᠬᠤᠯᠪᠣᠭᠠᠯᠠᠨ ᠪᠠᠶᠢᠭᠤᠯᠵᠤ ᠬᠠᠮᠲᠤ ᠪᠠᠷ ᠪᠥᠲᠥᠭᠡᠨ ᠪᠠᠶᠢᠭᠤᠯᠵᠤ᠂ ᠰᠦᠯᠵᠢᠶᠡᠨ ᠤ ᠥᠷᠲᠡᠭᠡ ᠶᠢᠨ ᠦᠵᠡᠰᠬᠦᠯᠡᠩ ᠤᠨ ᠣᠷᠳᠣᠨ ᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠦᠷ᠎ᠡ ᠪᠦᠲᠦᠭᠡᠯ ᠢ ᠠᠰᠢᠭᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠠ ᠴᠢᠨᠠᠷ ᠰᠠᠶᠢᠲᠠᠶ | ᠬᠥᠭᠵᠢᠯᠲᠡ ᠶᠢ ᠪᠥᠲᠥᠭᠡᠨ ᠪᠠᠶᠢᠭᠤᠯᠵᠤ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠨᠠᠮ ᠤᠨ ᠠᠴᠢ ᠳᠤ ᠲᠠᠯᠠᠷᠬᠠᠵᠦ᠂ | ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠨ ᠤᠷᠤᠭᠰᠢᠯᠠᠬᠤ︾ ᠶᠢ ᠦᠵᠡᠯ ᠰᠠᠨᠠᠭ᠎ᠠ ᠪᠠ ᠠᠵᠢᠯᠯᠠᠭᠠᠨ ᠤ ᠤᠬᠠᠮᠰᠠᠷ ᠪᠣᠯᠭᠠᠬᠤ ᠬᠡᠷᠡᠭᠲᠡᠢ᠃ | |