ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠶ ᠶᠢᠨ ᠡᠷᠬᠢᠨ ᠲᠣᠭᠤᠷᠢᠨ ᠤ 10 ᠺᠢᠯᠤᠮᠧᠲᠷ ᠤᠨ ᠬᠡᠪᠴᠢᠶᠡᠨ ᠳᠤ ᠰᠢᠰᠲ᠋ᠧᠮ ᠲᠠᠢ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
  5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠶ ᠶᠢᠨ ᠡᠷᠬᠢᠨ ᠲᠣᠭᠤᠷᠢᠨ ᠤ 10 ᠺᠢᠯᠤᠮᠧᠲᠷ ᠤᠨ ᠬᠡᠪᠴᠢᠶᠡᠨ ᠳᠠᠬᠢ ᠰᠢᠰᠲ᠋ᠧᠮ ᠲᠠᠢ ᠵᠠᠰᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠶᠢᠩ ᠳ᠋ᠡ ᠬᠤᠷᠠᠯ ᠢ ᠡᠷᠭᠢᠯᠡᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠢᠭᠡᠳ ᠲᠡᠭᠡᠭᠡᠪᠦᠷᠢ ᠶᠢᠨ ᠠᠵᠤ ᠦᠢᠯᠡᠰ ᠤᠨ ᠬᠠᠮᠢᠶᠠᠷᠤᠯᠲᠠ ᠶᠢᠨ ᠬᠡᠯᠲᠡᠰ ᠤᠨ ᠡᠷᠬᠢᠯᠡᠭᠴᠢ ᠯᠢ ᠰᠢᠨ ᠬᠤᠸᠠ ᠬᠤᠷᠠᠯ ᠳᠤ ᠣᠷᠣᠯᠴᠠᠪᠠ᠃  ᠬᠤᠷᠠᠯ ᠠᠴᠠ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠢ ᠶᠢᠨ ᠡᠷᠬᠢᠨ ᠲᠣᠭᠤᠷᠢᠨ ᠤ 10 ᠺᠢᠯᠤᠮᠧᠲᠷ ᠤᠨ ᠬᠡᠪᠴᠢᠶᠡᠨ ᠳᠠᠬᠢ ᠰᠢᠰᠲ᠋ᠧᠮ ᠲᠠᠢ ᠵᠠᠰᠠᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠦᠭᠵᠢᠷᠡᠯ ᠬᠦᠴᠢᠷ ᠠᠰᠠᠭᠤᠳᠠᠯ ᠢ ᠵᠦᠢᠯ ᠳᠠᠷᠠᠭᠠᠯᠠᠨ ᠰᠤᠳᠤᠯᠵᠤ᠂ ᠲᠥᠷᠥᠯ ᠵᠦᠢᠯ ᠢ ᠬᠡᠷᠡᠭᠵᠢᠭᠦᠯᠬᠦ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠰᠢᠰᠲ᠋ᠧᠮ ᠲᠠᠢ ᠵᠠᠰᠠᠬᠤ ᠠᠵᠢᠯ ᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠭᠦᠨᠵᠡᠭᠡᠶ ᠰᠣᠯᠢᠯᠴᠠᠪᠠ᠃  ᠬᠤᠷᠠᠯ ᠠᠴᠠ᠂ ᠤᠯᠤᠰ ᠤᠨ ᠡᠨᠧᠷᠭᠢ ᠶᠢᠨ ᠪᠦᠯᠦᠭᠯᠡᠯ ᠤᠨ ᠬᠢᠨ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ ᠬᠤᠪᠢᠶᠠᠷᠢ ᠺᠣᠮᠫᠠᠨᠢ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 2024 ᠣᠨ ᠳᠤ ᠨᠢᠭᠡᠨᠲᠡ ᠬᠡᠷᠡᠭᠵᠢᠭᠦᠯᠦᠭᠰᠡᠨ ᠲᠦᠷᠦᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 2025 ᠣᠨ ᠤ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠣᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠬᠤᠷᠠᠯ ᠠᠴᠠ᠂ ᠤᠯᠤᠰ ᠤᠨ ᠡᠨᠧᠷᠭᠢ ᠶᠢᠨ ᠪᠦᠯᠦᠭᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠰᠠᠷ᠎ᠠ ᠶᠢᠨ ᠲᠤᠬᠢᠷᠠᠭᠤᠯᠭ᠎ᠠ ᠶᠢᠨ ᠠᠵᠢᠯ ᠤᠨ ᠬᠤᠷᠠᠯ ᠢ ᠬᠠᠮᠲᠤᠷᠠᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠢᠭᠡ ᠢᠵᠢ ᠬᠦᠰᠦᠨᠦᠭ᠂ ᠨᠢᠭᠡ ᠵᠢᠷᠤᠭ᠂ ᠨᠢᠭᠡ ᠪᠠᠭ ᠬᠥᠮᠦᠨ ᠢ ᠬᠡᠷᠡᠭᠵᠢᠭᠦᠯᠵᠦ᠂ ᠰᠢᠰᠲ᠋ᠧᠮ ᠤᠨ ᠵᠠᠰᠠᠯᠲᠠ ᠶᠢᠨ ᠠᠵᠢᠯ ᠤᠨ ᠴᠢᠨᠠᠷ ᠰᠠᠶᠢᠲᠠᠢ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠤᠯᠤᠰ ᠤᠨ ᠡᠨᠧᠷᠭᠢ ᠶᠢᠨ ᠪᠦᠯᠦᠭᠯᠡᠯ ᠢ ᠬᠠᠮᠵᠢᠨ ᠰᠢᠰᠲ᠋ᠧᠮ ᠲᠠᠢ ᠵᠠᠰᠠᠬᠤ ᠶᠡᠷᠦᠩᠬᠡᠶ ᠲᠥᠯᠥᠪᠵᠢᠭᠦᠯᠭᠡ ᠶᠢ ᠲᠣᠭᠲᠠᠭᠠᠵᠤ᠂ 2026 ᠣᠨ ᠤ ᠲᠥᠷᠥᠯ ᠵᠦᠢᠯ ᠢ ᠤᠷᠢᠳᠴᠢᠯᠠᠨ ᠲᠥᠯᠥᠪᠯᠡᠵᠦ᠂ ᠬᠠᠮᠢᠶ᠎ᠠ ᠪᠥᠬᠦᠶ ᠠᠶᠢᠮᠠᠭ ᠬᠤᠲᠠ ᠶᠢ ᠵᠢᠯᠣᠭᠤᠳᠤᠨ ᠵᠠᠰᠠᠯᠲᠠ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠨᠢᠭᠡ ᠬᠤᠪᠢ ᠬᠠᠨᠤᠮᠵᠢᠲᠠᠶ ︽ᠬᠠᠷᠢᠭᠤᠯᠲᠠ ᠶᠢᠨ ᠬᠠᠭᠤᠳᠠᠰᠤ︾ ᠲᠤᠰᠢᠶᠠᠬᠤ ᠪᠠᠷ ᠴᠢᠷᠮᠠᠶᠢᠨ᠎ᠠ᠃  ᠤᠯᠤᠰ ᠤᠨ ᠡᠨᠧᠷᠭᠢ ᠶᠢᠨ ᠪᠦᠯᠦᠭᠯᠡᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ