5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ | ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠲᠤᠰᠬᠠᠶ | ᠰᠡᠳᠦᠪᠲᠦ ᠰᠤᠳᠤᠯᠭᠠᠨ ᠤ ᠮᠡᠳᠡᠭᠦᠯᠦᠯᠲᠡ ᠶᠢᠨ ᠠᠩᠬ᠎ᠠ ᠠᠯᠬᠤᠮ ᠬᠢᠨᠠᠨ ᠪᠠᠶᠢᠴᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠥᠪᠡᠷᠲᠡᠭᠡᠨ | ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠵᠢᠴᠢ ᠪᠠᠲᠤᠯᠠᠭ᠎ᠠ ᠶᠢᠨ ᠬᠡᠮᠵᠢᠶ᠎ᠡ ᠶᠢᠨ ᠰᠤᠳᠤᠯᠤᠯ︾ | ᠪᠠ ︽ᠥᠪᠡᠷᠲᠡᠭᠡᠨ ᠵᠠᠰᠠᠬᠤ ᠣᠷᠣᠨ ᠤ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠᠶᠢᠷᠢᠯᠠᠭᠤᠯᠤᠯᠲᠠ ᠶᠢᠨ ᠰᠤᠳᠤᠯᠭᠠᠨ︾ ᠭᠡᠬᠦ ᠬᠤᠶᠠᠷ ᠲᠤᠰᠬᠠᠶ | ᠰᠡᠳᠦᠪᠲᠦ ᠰᠤᠳᠤᠯᠭᠠᠨ ᠤ ᠮᠡᠳᠡᠭᠦᠯᠦᠯᠲᠡ ᠳᠤ ᠠᠩᠬ᠎ᠠ ᠠᠯᠬᠤᠮ ᠬᠢᠨᠠᠨ ᠪᠠᠶᠢᠴᠠᠭᠠᠯᠲᠠ ᠬᠢᠪᠡ᠃ | ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠲᠤᠰᠬᠠᠶ ᠰᠡᠳᠦᠪᠲᠦ ᠰᠤᠳᠤᠯᠭᠠᠨ ᠤ ᠪᠠᠶᠢᠳᠠᠯ ᠵᠢᠴᠢ | ᠠᠭᠤᠯᠭ᠎ᠠ ᠶᠢᠨ ᠲᠤᠬᠠᠶ ᠨᠠᠷᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠣᠭ ᠨᠥᠬᠦᠴᠡᠯ᠂ ᠬᠠᠶᠢᠨ ᠪᠠᠶᠢᠴᠠᠭᠠᠵᠤ ᠨᠡᠭᠡᠭᠡᠨ ᠠᠰᠢᠭᠯᠠᠭᠰᠠᠨ ᠣᠳᠣᠬᠢ ᠪᠠᠶᠢᠳᠠᠯ᠂ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠪᠠᠶᠢᠳᠠᠯ ᠪᠠ | ᠠᠵᠢᠯ ᠤᠨ ᠪᠠᠶᠢᠷᠢᠯᠠᠭᠤᠯᠤᠯᠲᠠ ᠵᠡᠷᠭᠡ ᠶᠢᠨ ᠲᠣᠭᠤᠷᠢᠨ ᠳᠤ᠂ ᠲᠣᠰ ᠭᠠᠵᠠᠷ ᠣᠷᠣᠨ ᠤ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠵᠢᠴᠢ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠲᠤᠯᠭᠠᠷᠠᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ ᠨᠠᠶᠢᠷᠠᠭᠤᠯᠤᠨ ᠵᠣᠬᠢᠶᠠᠭᠰᠠᠨ ᠨᠢᠭᠡᠴᠢ ᠲᠠᠢ | ᠪᠥᠬᠦ ᠲᠠᠯ᠎ᠠ ᠪᠠᠷ᠂ ᠭᠦᠨᠵᠡᠭᠡᠶ ᠰᠣᠯᠢᠯᠴᠠᠨ ᠲᠤᠯᠭᠠᠨ ᠠᠰᠠᠭᠤᠪᠠ᠃ ᠭᠦᠢᠴᠡᠳ ᠶᠠᠷᠢᠯᠴᠠᠬᠤ ᠪᠠᠷ ᠳᠠᠮᠵᠢᠭᠠᠳ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠤᠰᠬᠠᠶ | ᠰᠡᠳᠦᠪᠲᠦ ᠰᠤᠳᠤᠯᠭᠠᠨ ᠤ ᠦᠷ᠎ᠡ ᠪᠦᠲᠦᠭᠡᠯ ᠢ ᠨᠤᠲᠠᠯᠠᠵᠤ᠂ ᠰᠤᠳᠤᠯᠭᠠᠨ ᠤ ᠮᠡᠳᠡᠭᠦᠯᠦᠯᠲᠡ ᠶᠢᠨ ᠪᠦᠲᠦᠴᠡ ᠵᠦᠶ ᠵᠣᠬᠢᠰᠲᠠᠶ᠂ ᠠᠭᠤᠯᠭ᠎ᠠ ᠲᠡᠭᠦᠯᠳᠡᠷ᠂ ᠢᠯᠭᠠᠭ᠎ᠠ | ᠲᠡᠭᠦᠯᠳᠡᠷ ᠭᠡᠵᠦ ᠰᠠᠨᠠᠯ ᠨᠢᠭᠡᠲᠡᠶ ᠦᠵᠡᠵᠦ᠂ ᠳᠤᠷᠠᠳᠤᠭᠰᠠᠨ ᠰᠡᠳᠬᠢᠴᠡ ᠪᠠ ᠰᠠᠨᠠᠭᠤᠯᠭ᠎ᠠ ᠨᠢ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ | ᠲᠤᠯᠭᠠᠭᠤᠷᠢᠯᠠᠯ ᠬᠠᠩᠭᠠᠵᠤ᠂ ᠲᠤᠰᠬᠠᠶ ᠰᠡᠳᠦᠪᠲᠦ ᠰᠤᠳᠤᠯᠭᠠᠨ ᠤ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠡᠭᠦᠨ ᠤ ᠬᠠᠮᠳᠤ᠂ ᠭᠠᠵᠠᠷ ᠤᠷᠤᠨ ᠤ ᠪᠤᠳᠠᠳᠠᠢ ᠲᠠᠢ | ᠬᠦᠢᠴᠡᠳ ᠤᠶᠠᠯᠳᠤᠭᠤᠯᠤᠨ᠂ ᠦᠪᠡᠷᠳᠡᠭᠡᠨ ᠵᠠᠰᠠᠬᠤ ᠤᠷᠤᠨ ᠤ ᠠᠭᠤᠷᠬᠠᠢ ᠶᠢᠨ ᠡᠬᠢ ᠪᠠᠶᠠᠯᠢᠭ ᠤᠨ ᠤᠨᠴᠠᠯᠢᠭ ᠵᠢᠴᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠱᠠᠭᠠᠷᠳᠠᠯᠭ᠎ᠠ ᠳᠤ ᠴᠢᠭᠯᠡᠬᠦᠯᠦᠨ᠂ ᠤᠯᠤᠰ᠂ ᠦᠪᠡᠷᠳᠡᠭᠡᠨ ᠵᠠᠰᠠᠬᠤ ᠤᠷᠤᠨ ᠤ ᠤᠳᠤ ᠶᠢᠨ ᠪᠠᠶᠢᠭ᠎ᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ | ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠰᠤᠩᠭᠤᠭᠰᠠᠨ ᠰᠢᠯᠳᠠᠭᠠᠨ ᠪᠠ ᠬᠦᠭᠵᠢᠯᠳᠡ ᠶᠢᠨ ᠰᠠᠨᠠᠭᠤᠯᠭ᠎ᠠ ᠶᠢ | ᠳᠤᠳᠤᠷᠬᠠᠢᠢᠯᠠᠵᠤ᠂ ᠮᠠᠲ᠋ᠧᠷᠢᠶᠠᠯ ᠴᠤᠭᠯᠠᠭᠤᠯᠵᠤ᠂ ᠰᠠᠭᠤᠷᠢ ᠪᠠᠶᠢᠴᠠᠭᠠᠯᠳᠠ ᠶᠢᠨ ᠠᠵᠢᠯ ᠤᠨ ᠬᠡᠮᠵᠢᠶᠡᠨ ᠤ ᠡᠮᠦᠨᠡᠬᠢ ᠬᠤᠭᠤᠴᠠᠭᠠᠨ ᠤ ᠰᠤᠳᠤᠯᠭᠠᠨ ᠵᠡᠷᠭᠡ ᠲᠠᠯ᠎ᠠ ᠶᠢᠨ | ᠠᠵᠢᠯ ᠢ ᠴᠢᠩᠭᠠᠳᠬᠠᠵᠤ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠭᠦᠯᠭᠡ ᠳᠤ ᠨᠡᠩ ᠰᠠᠶᠢᠨ ᠢᠶᠠᠷ | ᠰᠤᠳᠤᠯᠭᠠᠨ ᠤ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠪᠠ᠃ | ᠳᠠᠷᠠᠭᠠᠴᠢ ᠶᠢᠨ ᠠᠯᠬᠤᠮ ᠳᠤ᠂ ᠨᠠᠶᠢᠷᠠᠭᠤᠯᠤᠨ ᠵᠣᠬᠢᠶᠠᠬᠤ ᠨᠢᠭᠡᠴᠢ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠦᠨᠳᠦᠰᠦᠯᠡᠨ ᠳᠠᠷᠤᠶ | ᠲᠦᠷᠭᠡᠨ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠳᠤ ᠣᠨᠣᠪᠴᠢᠲᠠᠶ ᠲᠤᠭ᠎ᠠ | ᠪᠠᠷᠢᠮᠲᠠ ᠶᠢᠨ ᠰᠠᠭᠤᠷᠢ ᠪᠠ ᠨᠤᠲᠠᠯᠠᠯᠲᠠ ᠶᠢᠨ ᠦᠨᠳᠦᠰᠦᠯᠡᠯ ᠬᠠᠩᠭᠠᠬᠤ ᠪᠠᠷ ᠴᠢᠷᠮᠠᠶᠢᠵᠤ᠂ ᠲᠥᠯᠥᠪᠵᠢᠭᠦᠯᠭᠡ ᠳᠠᠬᠢ ᠬᠠᠷᠠᠯᠲᠠ ᠶᠢᠨ ᠪᠠᠶᠢᠷᠢᠯᠠᠭᠤᠯᠤᠯᠲᠠ᠂ | ᠡᠭᠦᠷᠭᠡ ᠶᠢᠨ ᠲᠣᠬᠢᠷᠠᠭᠤᠯᠤᠯᠲᠠ ᠵᠡᠷᠭᠡ ᠡᠬᠢ ᠪᠠᠶᠠᠯᠢᠭ ᠤᠨ ᠪᠣᠳᠠᠲᠤ ᠪᠠᠶᠢᠳᠠᠯ ᠪᠠ ᠠᠵᠤ ᠠᠬᠤᠶ ᠶᠢᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠦᠯᠬᠦ ᠶᠢ ᠦᠨᠡᠨ | ᠬᠦ ᠪᠠᠲᠤᠯᠠᠬᠤ ᠶᠢᠨ ᠬᠠᠮᠲᠤ᠂ ᠲᠤᠰᠬᠠᠶ ᠰᠡᠳᠦᠪ ᠢᠶᠠᠷ ᠬᠢᠨᠠᠨ ᠪᠠᠶᠢᠴᠠᠭᠠᠯᠲᠠ ᠥᠷᠨᠢᠭᠦᠯᠬᠦ ᠪᠠᠷ ᠳᠠᠮᠵᠢᠭᠤᠯᠤᠨ᠂ ᠣᠳᠣᠬᠢ ᠱᠠᠲᠤᠨ ᠤ ᠠᠵᠢᠯ ᠤᠨ ᠪᠠᠶᠢᠳᠠᠯ ᠢ | ᠲᠣᠳᠣᠷᠬᠠᠶ ᠣᠶᠢᠯᠠᠭᠠᠵᠤ᠂ ᠣᠳᠣᠬᠠᠨ ᠤ ᠪᠠᠶᠢᠳᠠᠯ ᠪᠠ ᠥᠪᠡᠷᠲᠡᠭᠡᠨ ᠵᠠᠰᠠᠬᠤ ᠣᠷᠣᠨ ᠤ ᠪᠤᠰᠤᠳᠴᠢ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠷᠠᠭᠠᠴᠢ ᠶᠢᠨ | ᠠᠯᠬᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠴᠢᠭᠯᠡᠯ ᠢ ᠲᠣᠳᠣᠷᠬᠠᠶ ᠵᠢᠭᠠᠵᠤ ᠥᠭᠭᠦᠨ᠎ᠡ᠃ | |