ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/5/23
  ᠦᠢᠯᠡᠴᠢᠯᠡᠭᠡᠨ ᠤ ᠬᠤᠶᠠᠷ ᠶᠡᠭᠡ ᠶᠠᠪᠤᠳᠠᠯ ᠪᠠ ᠠᠶᠢᠮᠠᠭ ᠤᠨ ᠨᠠᠮ ᠤᠨ ᠬᠤᠷᠢᠶ᠎ᠠ ᠶᠢᠨ ︽157︾ ᠰᠡᠳᠬᠢᠮᠵᠢ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠨᠠᠷ ᠰᠠᠶᠢᠲᠠᠶ ᠪᠠᠶᠢᠭᠠᠯᠢ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃  ᠢᠳᠡᠪᠬᠢᠲᠡᠶ ᠪᠠᠷ ᠬᠠᠷᠢᠯᠴᠠᠵᠤ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠴᠢᠩᠭᠠᠳᠬᠠᠪᠠ᠃ ᠠᠭᠤᠷᠬᠠᠶ ᠶᠢᠨ ᠦᠢᠯᠡᠰ ᠤᠨ ᠡᠷᠬᠡ ᠶᠢᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠭᠤᠷᠪᠠᠨ ᠰᠠᠷ᠎ᠠ ᠶᠢᠨ ᠡᠮᠦᠨ᠎ᠡ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠳᠤ ᠠᠭᠤᠷᠬᠠᠶ ᠶᠢᠨ ᠦᠢᠯᠡᠰ ᠤᠨ ᠡᠷᠬᠡ ᠶᠢ ᠳᠠᠩᠰᠠᠯᠠᠨ ᠳᠠᠩᠰᠠᠯᠠᠭᠤᠯᠬᠤ ᠭᠤᠶᠤᠴᠢᠯᠠᠯ ᠢᠶᠠᠨ ᠳᠤᠷᠠᠳᠤᠨ᠂ ᠠᠭᠤᠷᠬᠠᠶ ᠶᠢᠨ ᠦᠢᠯᠡᠰ ᠤᠨ ᠡᠷᠬᠡ ᠶᠢᠨ ᠬᠤᠭᠤᠴᠠᠭ᠎ᠠ ᠨᠢ ᠲᠤᠯᠬᠤ ᠠᠴᠠ ᠵᠠᠶᠢᠯᠠᠰᠬᠢᠬᠦ ᠬᠡᠷᠡᠭᠲᠡᠶ᠃ ᠵᠠᠬᠢᠳᠠᠯ ᠢᠶᠠᠷ ᠰᠠᠨᠠᠯ ᠯᠠᠪᠯᠠᠬᠤ ᠳᠤ ᠬᠤᠯᠪᠣᠭᠳᠠᠬᠤ ᠠᠭᠤᠷᠬᠠᠢ ᠶᠢᠨ ᠡᠷᠬᠡ ᠶᠢᠨ ᠲᠡᠦᠬᠡ ᠶᠢᠨ ᠳᠤᠷᠠᠰᠬᠠᠯᠲᠤ ᠵᠦᠢᠯᠡᠰ᠂ ᠤᠢ ᠰᠢᠭᠤᠢ ᠨᠤᠲᠤᠭ  ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠤᠰᠤᠨ ᠤ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠤᠷᠢᠳᠴᠢᠯᠠᠨ ᠵᠣᠯᠭᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨᠠᠨ ᠪᠠᠶᠢᠴᠠᠭᠠᠭᠰᠠᠨ ᠰᠠᠨᠠᠯ ᠢ ᠪᠢᠴᠢᠭ ᠢᠶᠠᠷ ᠬᠤᠷᠢᠶᠠᠵᠤ᠂ ︽ᠬᠦᠯᠢᠶᠡᠬᠦ᠂ ᠲᠦᠰᠢᠭᠯᠡᠬᠦ︾ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠦᠵᠡᠯ ᠰᠠᠨᠠᠭ᠎ᠠ ᠶᠢ ᠲᠠᠶᠠᠭᠳᠠᠵᠤ᠂ ᠠᠵᠤ ᠠᠬᠤᠶᠢᠯᠠᠯ ᠤᠨ ᠡᠷᠬᠢᠯᠡᠭᠰᠡᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃  ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠦᠢᠯᠡᠴᠢᠯᠡᠭᠡ ᠬᠠᠩᠭᠠᠪᠠ᠃ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠲᠤᠰᠢᠶᠠᠭᠰᠠᠨ ᠳᠡᠩᠰᠡᠯᠡᠯᠲᠡ ᠶᠢᠨ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠳᠤ ᠠᠭᠤᠷᠬᠠᠶ ᠶᠢᠨ ᠦᠢᠯᠡᠰ ᠤᠨ ᠡᠷᠬᠡ ᠶᠢᠨ ᠳᠡᠩᠰᠡᠯᠡᠯᠲᠡ ᠶᠢᠨ ᠵᠦᠢᠯᠡᠰ ᠤᠨ ᠨᠠᠷᠢᠨ ᠬᠠᠭᠤᠳᠠᠰᠤ ᠪᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠢᠭᠡ ᠯᠡ ᠤᠳᠠᠭ᠎ᠠ ᠳᠤ ᠭᠦᠢᠴᠡᠳᠭᠡᠭᠦᠯᠬᠦ ᠪᠠᠷ ᠮᠡᠳᠡᠭᠳᠡᠨ᠎ᠡ᠃ ᠠᠭᠤᠷᠬᠠᠶ ᠶᠢᠨ ᠡᠷᠬᠡᠲᠦ ᠬᠥᠮᠦᠨ ᠨᠢ ᠸᠢᠴᠠᠲ ᠢᠶᠠᠷ ᠳᠠᠮᠵᠢᠭᠤᠯᠤᠨ ᠭᠤᠶᠤᠴᠢᠯᠠᠯ ᠤᠨ ᠮᠠᠲ᠋ᠧᠷᠢᠶᠠᠯ ᠤᠨ ᠡᠯᠧᠺᠲᠷᠣᠨ ᠪᠢᠴᠢᠭᠯᠡᠯ ᠢᠶᠠᠨ ᠲᠤᠰᠢᠶᠠᠵᠤ ᠪᠣᠯᠤᠨ᠎ᠠ᠂ ᠪᠠᠰᠠ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠴᠠᠩᠭᠤᠶ ᠴᠠᠭᠠᠰᠤᠨ ᠪᠢᠴᠢᠭᠯᠡᠯ ᠢᠶᠠᠨ ᠲᠤᠰᠢᠶᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠳᠥᠭᠦᠮ ᠳᠥᠲᠡ ᠨᠠᠩ ᠥᠨᠳᠥᠷ ᠪᠦᠲᠦᠮᠵᠢᠲᠡᠶ ᠪᠠᠷ ᠬᠠᠩᠭᠠᠵᠤ᠂ ︽ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃  ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠬᠢᠨᠠᠨ ᠵᠥᠪᠰᠢᠶᠡᠷᠡᠬᠦ ᠴᠤᠪᠤᠷᠠᠯ ᠢ ᠨᠢᠭᠡᠳᠬᠡᠵᠦ᠂ ᠨᠢᠭᠡᠳᠦᠯᠲᠡᠶ ᠭᠦᠢᠴᠡᠳᠭᠡᠬᠦ ᠴᠠᠭ ᠤᠨ ᠬᠢᠵᠠᠭᠠᠷ᠂ ᠨᠢᠭᠡᠳᠦᠯᠲᠡᠶ ᠬᠢᠨᠠᠨ ᠪᠠᠶᠢᠴᠠᠭᠠᠬᠤ ᠪᠠᠷᠢᠮᠵᠢᠶ᠎ᠠ︾ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ ᠡᠷᠬᠡ ᠶᠢᠨ ᠸᠢᠴᠠᠲ ᠤᠨ ᠬᠢᠨᠠᠨ ᠵᠥᠪᠰᠢᠶᠡᠷᠡᠬᠦ ᠪᠦᠯᠦᠭᠵᠢᠯ ᠢ ᠪᠠᠶᠢᠭᠤᠯᠤᠨ᠂ ᠬᠢᠨᠠᠨ ᠵᠥᠪᠰᠢᠶᠡᠷᠡᠵᠦ ᠮᠡᠳᠡᠭᠦᠯᠦᠭᠰᠡᠨ ᠮᠠᠲ᠋ᠧᠷᠢᠶᠠᠯ ᠢ ᠳᠡᠭᠡᠭᠰᠢ ᠳᠠᠮᠵᠢᠭᠤᠯᠤᠭᠰᠠᠨ ᠤ ᠳᠠᠷᠠᠭ᠎ᠠ᠂ ᠬᠠᠮᠲᠤᠷᠠᠨ ᠬᠢᠨᠠᠬᠤ ᠳᠤ ᠣᠷᠣᠯᠴᠠᠬᠤ ᠰᠠᠯᠠᠭ᠎ᠠ ᠠᠯᠪᠠᠨ ᠲᠠᠰᠤᠭ ᠤᠨ ᠬᠠᠮᠲᠤᠷᠠᠨ ᠬᠢᠨᠠᠬᠤ ᠠᠵᠢᠯ ᠥᠷᠨᠢᠭᠦᠯᠬᠦ ᠶᠢ ᠴᠠᠭ ᠲᠤᠬᠠᠶ ᠳᠤᠨᠢ ᠰᠠᠨᠠᠭᠤᠯᠵᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ 2025 ᠣᠨ ᠤ 1 — 5 ᠳ᠋ᠤᠭᠠᠷ ᠰᠠᠷ᠎ᠠ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠴᠠᠬᠢᠯᠭᠠᠨ ᠮᠡᠳᠡᠭᠡ ᠨᠢ 2024 ᠣᠨ ᠤ ᠠᠳᠠᠯᠢ ᠬᠤᠭᠤᠴᠠᠭᠠᠨ ᠤ ᠬᠢ ᠠᠴᠠ 1.5 ᠠᠵᠢᠯᠯᠠᠬᠤ ᠡᠳᠦᠷ ᠪᠠᠭᠠᠰᠴᠠᠶ᠃  ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠴᠤᠪᠤᠷᠠᠯ ᠢ ᠡᠮᠬᠢᠯᠡᠵᠦ᠂ ᠵᠠᠷᠤᠴᠠᠭᠤᠯᠬᠤ ᠴᠠᠭ ᠨᠢ ᠣᠷᠳᠣ ᠪᠠᠶᠢᠬᠤ ᠭᠤᠭᠴᠤᠭ᠎ᠠ ᠳᠤ ᠴᠢᠭᠯᠡᠭᠦᠯᠦᠨ᠂ ᠰᠢᠯᠲᠠᠭᠠᠨ ᠢ ᠨᠢ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ 
ᠢᠷᠡᠯᠲᠡ᠄ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ