ᠲᠦᠩᠯᠢᠶᠣᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/23
  ᠪᠥᠬᠦ ᠬᠤᠲᠠ ᠶᠢᠨ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠵᠢᠯᠲᠠᠨ ᠤ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 23 ᠤ ᠡᠳᠦᠷ᠂ ᠲᠦᠩᠯᠢᠶᠣᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠣᠯᠪᠠᠰᠤᠷᠠᠯ ᠡᠷᠭᠢᠯᠡᠵᠦ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠪᠠᠶᠢᠳᠠᠯ᠂ ᠠᠵᠢᠯ ᠡᠷᠭᠢᠯᠡᠭᠰᠡᠳ ᠤᠨ ᠡᠷᠬᠡᠪᠰᠢ ᠪᠦᠷᠢᠯᠳᠦᠭᠦᠯᠬᠦ ᠴᠢᠬᠤᠯᠠᠲᠠᠶ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠢᠭᠤᠴᠠ ᠶᠢ ᠬᠠᠮᠠᠭᠠᠯᠠᠬᠤ ᠠᠵᠢᠯ ᠤᠨ ᠭᠤᠤᠯᠳᠠᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠭᠤᠯᠪᠠ᠃ ᠡᠭᠦᠨ ᠤ ᠬᠠᠮᠲᠤ᠂ ᠠᠵᠢᠯ ᠲᠥᠷᠥᠯ ᠤᠨ ᠬᠤᠰᠢᠭᠤᠷᠠᠯ ᠮᠡᠷᠭᠡᠵᠢᠯ ᠪᠠ ᠪᠣᠳᠠᠲᠠᠶ ᠬᠡᠷᠡᠭᠯᠡᠯᠲᠡ ᠲᠠᠢ ᠤᠶᠠᠯᠳᠤᠭᠤᠯᠤᠨ᠂ ᠬᠤᠷᠠᠯ ᠳᠤ ᠣᠷᠣᠯᠴᠠᠭᠰᠠᠳ ᠲᠤ ᠲᠤᠰᠬᠠᠶ ᠮᠡᠷᠭᠡᠵᠢᠯ ᠤᠨ ᠮᠡᠳᠡᠯᠭᠡ ᠶᠢ ᠬᠤᠪᠢᠶᠠᠯᠴᠠᠵᠤ᠂ ᠲᠡᠭᠦᠨ ᠤ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠦᠷᠭᠡᠳᠭᠡᠪᠡ᠃  ᠲᠤᠰ ᠤᠳᠠᠭᠠᠨ ᠤ ᠪᠣᠯᠪᠠᠰᠤᠠᠯ ᠤᠨ ᠠᠭᠤᠯᠭ᠎ᠠ ᠨᠢ ᠪᠠᠶᠠᠯᠢᠭ᠂ ᠠᠪᠰᠠᠷᠬᠠᠨ ᠪᠥᠭᠡᠳ ᠥᠨᠳᠥᠷ ᠪᠦᠲᠦᠮᠵᠢᠲᠡᠶ ᠪᠠᠶᠢᠵᠤ᠂ ᠤᠨᠤᠯ ᠤᠨ ᠭᠦᠨᠴᠡ ᠲᠠᠢ ᠮᠥᠷᠲᠡᠭᠡᠨ ᠪᠠᠰᠠ ᠦᠢᠯᠡᠳᠦᠯᠭᠡ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠡᠭᠦᠰᠴᠦ᠂ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠤᠨ ᠤᠯᠤᠰ ᠤᠨ ᠠᠮᠤᠷ ᠲᠦᠪᠰᠢᠨ᠂ ᠠᠵᠤ ᠠᠬᠤᠶ ᠶᠢᠨ ᠬᠥᠭᠵᠢᠯᠲᠡ ᠵᠢᠴᠢ ᠨᠡᠶᠢᠭᠡᠮ ᠤᠨ ᠲᠣᠭᠲᠠᠭᠤᠨ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠵᠠᠳᠠᠯᠵᠤ᠂ ᠣᠳᠣᠬᠠᠨ ᠤ ᠠᠵᠢᠯ ᠲᠦᠷᠦᠯ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠶ ᠪᠠᠶᠢᠳᠠᠯ ᠢ ᠣᠨᠣᠪᠴᠢᠲᠠᠶ ᠵᠠᠳᠠᠯᠵᠤ᠂ ᠲᠦᠩᠯᠢᠶᠣᠤ ᠬᠤᠲᠠ ᠶᠢᠨ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠳᠠᠲᠠᠶ ᠱᠠᠭᠠᠷᠳᠠᠯᠭ᠎ᠠ ᠶᠢ ᠲᠣᠳᠣᠷᠬᠠᠶ ᠳᠤᠷᠠᠳᠴᠤ᠂ ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠡᠷᠬᠢᠮ ᠨᠠᠨᠳᠢᠨ ᠠᠵᠢᠯ ᠤᠨ ᠲᠤᠷᠰᠢᠯᠭ᠎ᠠ ᠪᠠ ᠪᠣᠳᠠᠲᠠᠶ ᠵᠢᠯᠣᠭᠤᠳᠣᠯᠭ᠎ᠠ ᠬᠠᠩᠭᠠᠵᠤ᠂ ᠠᠵᠢᠯ ᠤᠨ ᠳᠤᠮᠳᠠᠬᠢ ᠨᠢᠭᠤᠴᠠ ᠶᠢ ᠬᠠᠮᠠᠭᠠᠯᠠᠬᠤ ᠥᠷᠢᠰᠥᠯᠳᠦᠭᠡᠨ ᠢ ᠨᠡᠩ ᠰᠠᠶᠢᠲᠤᠷ ᠠᠷᠭᠠᠴᠠᠭᠠᠬᠤ ᠳᠤ ᠬᠦᠴᠦᠨ ᠨᠡᠮᠡᠷᠢᠯᠡᠪᠡ᠃  ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠴᠢᠳᠠᠪᠤᠷᠢ ᠪᠣᠯᠭᠠᠨ ᠬᠤᠪᠢᠷᠠᠭᠤᠯᠵᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠨ᠎ᠠ ᠭᠡᠵᠦ ᠢᠯᠡᠳᠬᠡᠵᠡᠭᠡᠪᠡ᠃ ᠡᠭᠦᠨ ᠤ ᠬᠠᠮᠲᠤ᠂ ᠲᠠᠩ ᠭᠠᠭᠴᠠ ᠳᠣᠬᠢᠭᠤᠷ ᠲᠤᠯᠤᠭᠠᠨ ᠣᠲᠣ ᠵᠢᠴᠢ ᠨᠢᠭᠤᠴᠠ ᠳᠤ ᠬᠤᠯᠪᠣᠭᠳᠠᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠶ  ᠠᠬᠢᠭᠤᠯᠵᠤ᠂ ᠬᠡᠮᠵᠢᠨ ᠵᠢᠷᠤᠭᠯᠠᠯᠲᠠ ᠭᠠᠵᠠᠷ ᠵᠦᠢ ᠶᠢᠨ ᠮᠡᠳᠡᠭᠡ ᠵᠠᠩᠭᠢ ᠶᠢᠨ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠶᠢ ᠬᠠᠮᠲᠤ ᠪᠠᠷ ᠬᠠᠮᠠᠭᠠᠯᠠᠨ᠎ᠠ᠃ 
ᠢᠷᠡᠯᠲᠡ᠄ ᠲᠦᠩᠯᠢᠶᠣᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ