ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ 5 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ | ᠵᠠᠬᠢᠳᠠᠯ ᠢᠯᠡᠭᠡᠪᠡ᠃ | ᠰᠢ ᠶᠢᠨ ᠫᠢᠩ᠂ ᠲᠣᠰ ᠬᠤᠭᠤᠴᠠᠭᠠᠨ ᠤ ᠪᠠᠷᠠᠭᠤᠨ ᠣᠷᠣᠨ ᠤ ᠦᠵᠡᠰᠭᠦᠯᠡᠩ ᠤᠨ ᠴᠤᠭᠯᠠᠭᠠᠨ ᠨᠢ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠳᠡᠮᠵᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠪᠥᠭᠡᠳ | ᠳᠡᠯᠡᠬᠡᠢ ᠶᠢᠨ ᠡᠯ᠎ᠡ ᠤᠯᠤᠰ ᠤᠨ ᠳᠤᠮᠳᠠᠳᠤ ᠤᠯᠤᠰ ᠤᠨ ᠪᠠᠷᠠᠭᠤᠨ ᠣᠷᠣᠨ ᠤ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ ᠳᠤ ᠪᠦᠲᠦᠮᠵᠢᠲᠡᠶ | ᠲᠠᠪᠴᠠᠩ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠦᠯᠬᠦᠮᠳᠡᠪᠡᠯ ᠰᠠᠶ᠋ᠢ ᠬᠠᠮᠲᠤ ᠪᠠᠷ ᠠᠰᠢᠭ ᠬᠦᠷᠲᠡᠵᠦ᠂ ᠭᠠᠷ ᠬᠤᠯᠪᠣᠯᠴᠠᠪᠠᠯ ᠰᠠᠶ᠋ᠢ ᠬᠠᠮᠲᠤ ᠪᠠᠷ ᠤᠷᠤᠭᠰᠢᠯᠠᠵᠤ ᠴᠢᠳᠠᠨ᠎ᠠ᠃ ᠪᠢᠳᠡ | ᠳᠤᠷᠠᠲᠠᠶ᠎ᠠ ᠡᠨᠡ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠡᠯ᠎ᠡ ᠤᠯᠤᠰ ᠤᠨ ᠨᠠᠶᠢᠵᠠ ᠨᠠᠷ ᠲᠠᠢ ᠤᠯᠠᠮ ᠨᠢᠭᠡ | ᠠᠯᠬᠤᠮ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠨᠥᠬᠦᠷᠯᠡᠯ ᠢᠶᠠᠨ ᠵᠤᠵᠠᠭᠠᠳᠬᠠᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠲᠠᠯᠠᠲᠤ | ᠠᠷᠠᠯᠵᠢᠶᠠᠨ ᠤ ᠪᠠᠶᠢᠭᠤᠯᠤᠯ ᠪᠣᠯᠣᠨ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ | ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠨ᠎ᠡ ᠭᠡᠵᠦ ᠴᠢᠬᠤᠯᠠᠴᠢᠯᠠᠪᠠ᠃ | ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠲᠤᠰ ᠡᠳᠦᠷ | ᠰᠧᠴᠦᠸᠠᠨ ᠮᠤᠵᠢ ᠶᠢᠨ ᠴᠧᠩᠳᠦ᠋ ᠬᠤᠳᠠ ᠳᠤ ᠡᠬᠢᠯᠡᠪᠡ᠂ ︽ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠵᠦ | ᠨᠡᠭᠡᠭᠡᠯᠲᠡ ᠶᠢ ᠥᠷᠭᠡᠳᠬᠡᠵᠦ ᠬᠥᠭᠵᠢᠯᠲᠡ ᠶᠢ ᠠᠬᠢᠭᠤᠯᠤᠶ᠎ᠠ ︾ ᠭᠡᠬᠦ ᠭᠤᠣᠯ ᠰᠡᠳᠦᠪ ᠲᠠᠢ᠂ ᠰᠧᠴᠦᠸᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ | ᠭᠤᠣᠯᠯᠠᠨ ᠡᠷᠭᠢᠯᠡᠵᠤ ᠪᠠᠶᠢᠨ᠎ᠠ᠃ | |