ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/26
  5 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠳᠤ ︽ᠪᠠᠶᠢᠭᠠᠯᠢ ᠳᠤ ᠬᠦᠷᠴᠦ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠬᠤ︾᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠡᠷᠭᠡ ᠶᠢ ᠭᠦᠨᠵᠡᠭᠡᠶ ᠤᠬᠠᠭᠤᠯᠤᠨ ᠲᠤᠭᠤᠰᠢᠯᠠᠭᠤᠯᠬᠤ ᠪᠠᠷ ᠭᠤᠤᠯ ᠠᠭᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ ᠥᠷᠨᠢᠭᠦᠯᠪᠡ᠃
5.26.jpg
  ᠠᠵᠢᠯᠯᠠᠭ᠎ᠠ ᠶᠢᠨ ᠠᠬᠤᠢ ᠲᠠᠯᠠᠪᠠᠢ ᠳᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠳᠠᠭᠤᠷᠢᠯᠢᠭ ᠤᠨ ᠪᠦᠯᠬᠦᠮ ᠤᠨ ᠲᠣᠭᠯᠠᠭᠴᠢᠳ ᠬᠦᠮᠡᠢ ︽ᠬᠠᠷ᠎ᠠ ᠠᠵᠢᠨᠠᠢ ᠬᠦᠯᠦᠭ︾ ᠢ ᠴᠢᠪᠬᠠᠳᠠᠨ ᠳᠠᠭᠤᠯᠠᠵᠤ᠂ ᠪᠥᠵᠢᠭ ︽ᠪᠠᠶᠠᠷᠯᠠᠨ ᠪᠡᠯᠭᠡᠯᠡᠶ᠎ᠠ︾᠂ ᠡᠮᠡᠭᠲᠡᠶ ᠶᠢᠨ ᠭᠤᠴᠣᠯᠠᠯ ᠳᠠᠭᠤᠤ ︽ᠮᠠᠯᠴᠢᠳ ᠡᠪ ᠬᠠᠮᠲᠤ ᠨᠠᠮ ᠢᠶᠠᠨ ᠳᠠᠭᠤᠯᠠᠶ᠎ᠠ︾ ᠵᠡᠷᠭᠡ ᠣᠯᠠᠨ ᠲᠣᠭᠯᠠᠯᠲᠠ ᠭᠠᠷᠭᠠᠵᠤ᠂ ᠡᠯ᠎ᠡ ᠦᠨᠳᠦᠰᠦᠲᠡᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠤᠷᠠᠯᠢᠭ ᠤᠨ ᠬᠡᠯᠪᠡᠷᠢ ᠪᠠᠷ ᠢᠯᠡᠳᠬᠡᠵᠡᠶ᠃ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠷᠢᠯᠴᠠᠨ ᠬᠥᠳᠡᠯᠦᠯᠴᠡᠵᠦ ᠰᠡᠳᠦᠪ ᠬᠠᠷᠢᠭᠤᠯᠬᠤ ᠭᠤᠭᠴᠤᠭ᠎ᠠ᠂ ᠬᠤᠲᠠ ᠶᠢᠨ ᠠᠷᠠᠳ ᠪᠠ ᠵᠤᠭᠠᠴᠠᠭᠰᠠᠳ ᠢᠳᠡᠪᠬᠢᠲᠡᠶ ᠪᠠᠷ ᠣᠷᠣᠯᠴᠠᠵᠤ᠂ ᠠᠰᠠᠭᠤᠯᠲᠠ ᠬᠠᠷᠢᠭᠤᠯᠲᠠ ᠶᠢᠨ ᠳᠤᠮᠳᠠ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠪᠠᠷ ᠵᠠᠰᠠᠬᠤ ᠲᠤᠬᠠᠶ ᠣᠶᠢᠯᠠᠭᠠᠯᠲᠠ ᠪᠠ ᠲᠠᠨᠢᠯᠲᠠ ᠪᠠᠨ ᠭᠦᠨᠵᠡᠭᠡᠶᠢᠷᠡᠭᠦᠯᠪᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠣᠷᠣᠨ ᠳᠤ᠂ ᠠᠵᠢᠯᠲᠠᠳ ᠬᠤᠲᠠ ᠶᠢᠨ ᠠᠷᠠᠳ ᠤᠨ ᠵᠢᠭᠤᠯᠴᠢᠯᠠᠭᠴᠢᠳ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠵᠡᠷᠭᠡ ᠮᠠᠲ᠋ᠧᠷᠢᠶᠠᠯ ᠢ ᠲᠠᠷᠬᠠᠭᠠᠵᠤ᠂ ᠲᠤᠬᠠᠶ ᠶᠢᠨ ᠲᠠᠯᠠᠪᠠᠶ ᠳᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ᠃ ᠭᠠᠷ ᠤᠷᠠᠯᠠᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠲᠤ᠂ ᠤᠯᠠᠨ ᠢᠶᠠᠷ ᠢᠶᠠᠨ ᠭᠠᠷ ᠬᠥᠳᠡᠯᠵᠦ ᠮᠣᠷᠢᠨ ᠬᠤᠭᠤᠷ ᠦᠢᠯᠡᠳᠴᠦ᠂ ᠤᠯᠠᠨ ᠡᠰᠢᠲᠦ ᠰᠣᠶᠣᠯ ᠤᠨ ᠠᠭᠤᠰᠤᠯᠴᠠᠯ ᠤᠨ ᠷᠢᠳᠢ ᠰᠢᠳᠢ ᠶᠢ ᠮᠡᠳᠡᠷᠡᠪᠡ᠃  ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠠᠵᠢᠯ ᠦᠢᠯᠡᠰ ᠤᠨ ᠬᠥᠭᠵᠢᠯᠲᠡ ᠶᠢᠨ ᠲᠠᠯ᠎ᠠ ᠪᠦᠬᠦᠨ ᠳᠤ ᠠᠭᠤᠰᠬᠠᠭᠰᠠᠨ ᠪᠠᠰᠠ ᠨᠢᠭᠡ ᠤᠳᠠᠭᠠᠨ ᠤ ᠠᠮᠢᠳᠤᠯᠢᠭ ᠦᠢᠯᠡᠳᠦᠯᠭᠡ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠷᠭᠦᠯᠵᠢᠯᠡᠨ ︽ᠬᠡᠯᠪᠡᠷᠢ ᠲᠠᠢ᠂ ᠲᠦᠷᠦᠭᠳᠡᠯ ᠲᠠᠢ᠂ ᠪᠦᠲᠦᠮᠵᠢᠲᠡᠢ︾ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠮᠠᠷᠠᠲᠤ ᠬᠢᠯᠢ ᠶᠢᠨ ᠡᠬᠡ ᠭᠠᠵᠠᠷ ᠲᠤ ᠡᠭᠦᠷᠢᠳᠡ ᠴᠡᠴᠡᠭᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠴᠢᠳᠠᠯ ᠢᠶᠠᠨ ᠡᠷᠭᠦᠨ᠎ᠡ᠃  ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠠᠴᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠳᠠᠭᠤᠷᠢᠯᠢᠭ ᠤᠨ ᠪᠦᠯᠬᠦᠮ ᠬᠠᠮᠵᠢᠯᠴᠠᠨ ᠡᠷᠬᠢᠯᠡᠵᠦ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ ᠪᠠ ᠲᠢᠩᠬᠢᠮ ᠤᠨ ᠬᠠᠷᠢᠶ᠎ᠠ ᠡᠯ᠎ᠡ ᠨᠢᠭᠡᠴᠢ ᠣᠷᠣᠯᠴᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ