ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠠᠴᠠ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢ | ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠵᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠲᠤᠤ ᠬᠤᠷᠠᠯ ᠢ ᠡᠷᠭᠢᠯᠡᠪᠡ᠃ | ᠬᠤᠷᠠᠯ ᠠᠴᠠ 2025 ᠣᠨ ᠤ 1 ᠳ᠋ᠦ᠋ᠭᠡᠷ ᠰᠠᠷ᠎ᠠ ᠠᠴᠠ 4 ᠰᠠᠷ᠎ᠠ ᠪᠣᠯᠲᠠᠯᠠᠬᠢ ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠪᠠ ᠳᠣᠯᠣᠳᠤᠭᠠᠷ ᠤᠳᠠᠭᠠᠨ ᠤ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠶᠢᠨ ᠪᠠᠶᠢᠳᠠᠯ ᠢ ᠵᠠᠷᠯᠠᠨ | ᠮᠡᠳᠡᠭᠳᠡᠪᠡ᠃ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠭᠠᠵᠠᠷ ᠬᠡᠷᠡᠭᠯᠡᠬᠦ ᠪᠠᠷ ᠡᠪᠬᠡᠮᠡᠯ ᠪᠠᠶᠢᠭᠤᠯᠬᠤ᠂ ᠬᠢᠨᠠᠨ ᠪᠠᠶᠢᠴᠠᠭᠠᠬᠤ ᠳᠤ ᠬᠡᠷᠡᠭᠯᠡᠬᠦ ᠣᠷᠳᠣ ᠬᠤᠭᠤᠴᠠᠭᠠᠨ ᠤ ᠰᠢᠯᠲᠠᠭᠠᠨ ᠢ ᠵᠠᠳᠠᠯᠵᠤ᠂ ᠭᠠᠵᠠᠷ | ᠬᠡᠷᠡᠭᠯᠡᠬᠦ ᠶᠢᠨ ᠲᠠᠩᠰᠠ ᠡᠪᠬᠡᠮᠡᠯ ᠪᠠᠶᠢᠭᠤᠯᠤᠨ ᠮᠡᠳᠡᠭᠦᠯᠦᠨ ᠵᠥᠪᠰᠢᠶᠡᠷᠡᠭᠦᠯᠬᠦ ᠡᠯ᠎ᠡ ᠭᠤᠭᠴᠤᠭ᠎ᠠ ᠶᠢᠨ ᠬᠦᠴᠢᠷ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠶ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠪᠠ᠃ ᠬᠤᠷᠠᠯ ᠳᠡᠭᠡᠷ᠎ᠡ᠂ ᠲᠢᠩᠬᠢᠮ ᠤᠨ ᠡᠯ᠎ᠡ ᠬᠠᠮᠢᠶ᠎ᠠ ᠪᠦᠬᠦᠢ | ᠭᠠᠵᠠᠷ ᠠᠯᠪᠠᠨ ᠲᠠᠰᠤᠭ ᠲᠣᠪᠴᠢᠶ᠎ᠠ ᠦᠨᠳᠦᠰᠦᠨ ᠱᠠᠲᠤᠨ ᠤ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠴᠦ ᠵᠢᠭᠠᠨ ᠵᠢᠯᠣᠭᠤᠳᠪᠠ᠃ | ᠬᠤᠷᠠᠯ ᠠᠴᠠ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠭᠤᠣᠯ ᠬᠠᠷᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠬᠢᠨᠠᠨ | ᠵᠥᠪᠰᠢᠶᠡᠷᠡᠬᠦ ᠬᠤᠷᠳᠤᠴᠠ ᠶᠢ ᠲᠠᠬᠢᠨ ᠲᠦᠷᠭᠡᠳᠬᠡᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠡᠬᠢ ᠡᠭᠦᠰᠦᠯ ᠠᠴᠠ ᠨᠢ ᠴᠢᠩᠭ᠎ᠠ ᠠᠩᠬᠠᠷᠴᠤ᠂ | ᠤᠷᠢᠳᠴᠢᠯᠠᠨ ᠦᠢᠯᠡᠴᠢᠯᠡᠵᠦ᠂ ᠭᠠᠵᠠᠷ ᠰᠢᠷᠣᠶ ᠲᠠᠲᠠᠪᠤᠷᠢᠯᠠᠬᠤ ᠡᠮᠦᠨᠡᠬᠢ ᠬᠤᠭᠤᠴᠠᠭᠠᠨ ᠤ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠡᠪᠬᠡᠮᠡᠯ ᠪᠠᠶᠢᠭᠤᠯᠬᠤ ᠴᠠᠭ ᠢ ᠦᠷᠭᠦᠯᠵᠢᠯᠡᠨ ᠪᠠᠭᠠᠰᠬᠠᠵᠤ᠂ ᠡᠪᠬᠡᠮᠡᠯ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠠᠶᠢᠮᠠᠭ | ᠬᠤᠲᠠ ᠶᠢᠨ ᠬᠢᠨ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠪᠠᠶᠢᠴᠠᠭᠠᠬᠤ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠦᠢᠯᠡᠴᠢᠯᠡᠭᠡ ᠨᠢ ᠬᠡᠷᠡᠭᠴᠡᠭᠡ ᠪᠠᠨ ᠳᠠᠭᠠᠬᠤ ᠶᠢ ᠪᠠᠷᠢᠮᠲᠠᠯᠠᠵᠤ᠂ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ | ᠬᠥᠳᠡᠯᠦᠯᠴᠡᠵᠦ᠂ ︽ᠭᠤᠷᠪᠠᠨ ᠱᠠᠲᠤ ᠬᠠᠮᠲᠤᠷᠠᠨ ᠬᠢᠨᠠᠬᠤ︾ ᠴᠢᠳᠠᠮᠵᠢ ᠶᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠠᠷᠭ᠎ᠠ ᠵᠠᠮ ᠢᠶᠠᠷ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠠᠬᠢ ᠪᠣᠶ ᠪᠣᠯᠭᠠᠵᠤ᠂ ︽ᠤᠷᠤᠭᠰᠢᠯᠠᠬᠤ ᠦᠭᠡᠢ ᠪᠣᠯ ᠤᠬᠤᠷᠢᠨ᠎ᠠ᠂ ᠤᠳᠠᠭᠠᠨ ᠤᠷᠤᠭᠰᠢᠯᠠᠪᠠᠯ ᠪᠠᠰᠠ ᠤᠬᠤᠷᠢᠨ᠎ᠠ︾ ᠭᠡᠳᠡᠭ ᠢ ᠭᠦᠢᠴᠡᠳ ᠲᠠᠨᠢᠵᠤ᠂ ᠬᠢᠨᠠᠨ | ᠵᠥᠪᠰᠢᠶᠡᠷᠡᠯ ᠤᠨ ︽ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ︽ᠤᠯᠠᠷᠢᠯ ᠪᠦᠷᠢ ᠰᠠᠶᠢᠨ ᠡᠬᠢᠯᠡᠯᠲᠡ ᠲᠠᠢ︾᠂ ︽ᠪᠥᠬᠦ ᠵᠢᠯ ᠳᠤ ᠪᠠᠨ ᠰᠠᠶᠢᠨ ᠡᠬᠢᠯᠡᠯᠲᠡ ᠲᠠᠢ︾ ᠪᠠᠶᠢᠭᠠᠯᠢ ᠶᠢᠨ ᠡᠬᠢ | ᠪᠠᠶᠠᠯᠢᠭ ᠤᠨ ᠡᠯᠧᠮᠧᠨ᠋ᠲ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ | ᠳᠤᠮᠳᠠ ᠲᠦᠪᠰᠢᠨ ᠳᠤ ᠳᠠᠪᠰᠢᠬᠤ ︾ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠲᠣᠪᠴᠢᠶ᠎ᠠ ᠶᠢᠨ | ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃ | |