ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠵᠦ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠥᠳᠡᠯᠭᠡᠭᠦᠷ ᠢ ᠨᠣᠴᠣᠭᠠᠪᠠ
ᠨᠡᠶᠢᠲᠡᠯᠡᠭᠰᠡᠨ ᠴᠠᠭ᠄
2025/5/7
5.7.jpg
  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯᠲᠠᠨ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠢ ᠨᠢ ᠭᠦᠢᠴᠡᠳᠭᠡᠵᠣ ᠦᠭᠪᠡ  200 ᠮᠦ ᠭᠠᠵᠠᠷ ᠡᠵᠡᠯᠡᠨ᠂ ᠵᠢᠯ ᠳᠤ 5.2 ᠲᠦᠮᠡᠨ ᠢᠵᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ 3.2 ᠲᠦᠮᠡᠨ ᠰᠠᠤᠷᠢ ᠳᠣᠣᠷ᠎ᠠ ᠬᠤᠷᠳᠤᠴᠠ ᠲᠠᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ 1300 ᠰᠠᠤᠷᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ 2 ᠲᠦᠮᠡᠨ ᠲᠣᠨ ᠴᠢᠳᠬᠤᠮᠠᠯ ᠲᠣᠨᠤᠭ᠂ 100MWh ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠦᠢᠯᠡᠳᠪᠦᠷᠢᠯᠡᠬᠦ ᠴᠢᠳᠠᠪᠤᠷᠢ ᠶᠢ ᠢᠵᠢ ᠪᠦᠷᠢᠳᠦᠭᠦᠯᠵᠦ᠂ ᠡᠶᠢᠮᠦ ᠲᠦᠷᠦᠯ ᠵᠦᠢᠯ ᠨᠢ ᠠᠵᠢᠯ ᠡᠬᠢᠯᠡᠭᠦᠯᠬᠦ ᠠᠴᠠ ᠠᠪᠤᠭᠠᠳ ᠠᠰᠢᠭᠯᠠᠯᠲᠠ ᠳᠤ ᠣᠷᠣᠭᠤᠯᠬᠤ ᠪᠣᠯᠲᠠᠯ᠎ᠠ ᠬᠡᠳᠦᠢ ᠤᠷᠳᠤ ᠬᠤᠭᠤᠴᠠᠭ᠎ᠠ ᠬᠡᠷᠡᠭᠰᠡᠬᠦ  ᠪᠤᠢ︖ ᠪᠤᠭᠤᠲᠤ ᠳᠤ᠂ ᠬᠠᠷᠢᠭᠤᠯᠲᠠ ᠨᠢ 9 ᠰᠠᠷ᠎ᠠ᠂ ᠳᠠᠷᠤᠢ 270 ᠡᠳᠦᠷ ᠪᠤᠯᠤᠨ᠎ᠠ᠃  ᠬᠠᠪᠤᠷ ᠤᠨ ᠤᠷᠢᠬᠠᠨ ᠰᠠᠯᠬᠢ ᠲᠠᠯ᠎ᠠ ᠨᠤᠲᠤᠭ ᠤᠨ ᠪᠣᠯᠣᠳ ᠬᠤᠳᠠ ᠶᠢ ᠢᠯᠪᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠯ᠎ᠠ᠃ ᠠᠳᠡ ︽ᠦᠷ᠎ᠡ ᠠᠰᠢᠭ ᠤᠨ ᠬᠤᠪᠢᠰᠬᠠᠯ ᠤᠨ ᠠᠵᠢᠯᠯᠠᠭ᠎ᠠ︾ ᠪᠠᠷ ᠭᠤᠣᠯ ᠪᠣᠯᠭᠠᠭᠰᠠᠨ ᠨᠢᠭᠡ ᠤᠳᠠᠭᠠᠨ ᠤ ᠬᠤᠪᠢᠰᠤᠯᠲᠠ ᠨᠢ ᠶᠠᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠭᠡᠬᠦ︾ ᠶᠢ ᠠᠬᠢᠭᠤᠯᠵᠤ᠂ ᠪᠤᠭᠤᠲᠤ ᠬᠤᠲᠠ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ 5000 ᠳ᠋ᠦᠩᠰᠢᠭᠤᠷ ᠲᠥᠭᠦᠷᠢᠭ ᠲᠤ ᠬᠦᠷᠭᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠶ᠎ᠡ ︽ᠴᠠᠭᠠᠰᠤᠨ ᠳᠡᠭᠡᠷᠡᠬᠢ ᠵᠢᠷᠤᠭ ᠲᠥᠯᠥᠪᠯᠡᠭᠡ︾ ᠠᠴᠠ ︽ᠪᠣᠳᠠᠲᠤ ᠦᠵᠡᠮᠵᠢ ᠶᠢᠨ ᠵᠢᠷᠤᠭ︾ ᠬᠦᠷᠲᠡᠯ᠎ᠡ  ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ 2 ᠳ᠋ᠤᠭᠠᠷ ᠨᠣᠮᠧᠷᠲᠤ ᠱᠤᠭᠤᠮ ᠳᠤ ᠬᠦᠷᠬᠦ ᠳᠤ᠂ ᠠᠵᠢᠯᠲᠠᠳ ᠶᠠᠭ ᠲᠤᠷᠰᠢᠨ ᠦᠢᠯᠡᠳᠪᠦᠷᠢᠯᠡᠵᠦ ᠪᠠᠶᠢᠯ᠎ᠠ — ᠹᠣᠰᠹᠣᠷ ᠬᠦᠴᠢᠯ ᠤᠨ ᠲᠡᠮᠦᠷ ᠯᠢᠲ᠋ᠢ ᠳ᠋ᠢᠶᠠᠨ ᡂᠢ ᠳᠤ ᠰᠢᠩᠭᠡᠨ ᠴᠢᠳᠬᠤᠬᠤ ᠪᠣᠭᠤᠳᠠᠯ ᠬᠢᠵᠦ ᠥᠭᠴᠦ ᠪᠠᠶᠢᠨ᠎ᠠ᠃  ᠨᠢᠭᠡ ᠲᠥᠷᠥᠯ ᠵᠦᠢᠯ ᠨᠢ ᠭᠡᠷ᠎ᠡ ᠲᠣᠭᠲᠠᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯ᠎ᠡ᠂ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ 4 ᠱᠠᠲᠤ ᠦᠶ᠎ᠡ ᠶᠢ ᠥᠩᠭᠡᠷᠡᠭᠡᠬᠦ ᠴᠢᠬᠤᠯᠠᠲᠠᠶ ᠪᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠨᠢ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠥᠪᠡᠷ ᠤᠨ ᠥᠷᠲᠡᠭ ᠢ ᠨᠥᠯᠥᠭᠡᠯᠡᠵᠦ᠂ ᠨᠠᠩ ᠴᠤ ᠨᠢᠭᠡ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠥᠯᠥᠭᠡᠯᠡᠵᠦ ᠪᠠᠶᠢᠳᠠᠭ᠃  ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ᠂ ᠠᠯᠪᠠᠨ ᠭᠡᠷ ᠤᠨ ᠡᠷᠬᠢᠯᠡᠭᠴᠢ ᠫᠸᠢ ᡁᠢ ᠢᠯᠡᠷᠬᠡᠶᠢᠯᠡᠬᠦ ᠳᠡᠭᠡᠨ᠂ ᠸᠧ ᠯᠦᠩ ᠴᠠᠬᠢᠯᠭᠠᠨ ᠬᠥᠳᠡᠯᠭᠡᠭᠦᠷ ︵ᠪᠤᠭᠤᠲᠤ︶ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠨᠢᠳᠤᠨᠤᠨ ᠤ 5 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ ᠪᠠᠶᠢᠭᠤᠯᠵᠤ᠂ ᠡᠨᠡ ᠵᠢᠯ ᠤᠨ 2 ᠳ᠋ᠤᠭᠠᠷ ᠰᠠᠷ᠎ᠠ ᠶᠢᠨ 15 ᠤ ᠡᠳᠦᠷ ᠪᠣᠯᠬᠤ ᠳᠤ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠬᠢᠷᠢ ᠲᠦᠪᠰᠢᠨ ᠢ ᠪᠦᠷᠢᠯᠳᠦᠭᠦᠯᠵᠦ᠂ ᠲᠥᠷᠥᠯ ᠵᠦᠢᠯ ᠲᠣᠭᠲᠠᠭᠠᠬᠤ᠂ ᠠᠵᠢᠯ ᠡᠬᠢᠯᠡᠭᠦᠯᠬᠦ ᠠᠴᠠ ᠠᠪᠤᠭᠠᠳ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠬᠦᠷᠲᠡᠯ᠎ᠡ᠂ ᠵᠥᠪᠬᠡᠨ 9 ᠰᠠᠷ᠎ᠠ ᠶᠢᠨ ᠴᠠᠭ ᠬᠡᠷᠡᠭᠰᠡᠨ᠎ᠡ᠃  ᠫᠧᠢ ᡁᠢ ᠶᠢᠨ ᠦᠵᠡᠬᠦ ᠪᠠᠷ᠂ ︽ᠲᠦᠷᠭᠡᠨ︾ ᠦᠰᠦᠭ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠳᠠᠵᠤ ᠪᠠᠶᠢᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠦᠷᠭᠡᠨ︾ ᠨᠢ ᠪᠤᠭᠤᠲᠤ ᠬᠤᠲᠠ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠠᠴᠠ ᠰᠠᠯᠵᠤ ᠴᠢᠳᠠᠬᠤ ᠥᠬᠡᠶ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠴᠢᠷᠮᠠᠶᠢᠯᠭ᠎ᠠ ᠶᠢ ᠦᠷᠭᠦᠯᠵᠢᠯᠡᠨ ᠠᠬᠢᠭᠤᠯᠤᠨ᠎ᠠ᠃  ︽ᠪᠤᠭᠤᠲᠤ ᠬᠤᠲᠠ ᠶᠢᠨ ᠵᠠᠰᠠᠭ ᠤᠨ ᠣᠷᠳᠣᠨ ᠪᠣᠯᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠪᠥᠬᠦ ᠶᠠᠪᠤᠴᠠ ᠳᠤ ︿ᠳᠡᠯᠭᠡᠭᠦᠷ ᠤᠨ ᠵᠠᠷᠤᠴᠠ﹀ ᠮᠠᠶ᠋ᠢᠭ ᠤᠨ ᠦᠢᠯᠡᠴᠢᠯᠡᠭᠡ ᠬᠠᠩᠭᠠᠵᠤ᠂ ᠤᠰᠤ ᠴᠠᠬᠢᠯᠭᠠᠨ ᠵᠡᠷᠭᠡ ᠬᠦᠴᠦᠨ ᠵᠦᠢᠯ ᠤᠨ ᠪᠠᠲᠤᠯᠠᠭ᠎ᠠ ᠪᠠ ᠭᠠᠷᠳᠠᠮ ᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠴᠥᠮ ᠠᠵᠤ ᠠᠬᠤᠶᠢᠯᠠᠯ ᠳᠤ ᠲᠦᠢᠯ ᠤᠨ ᠶᠡᠭᠡ ᠲᠥᠬᠦᠮ ᠦᠵᠡᠭᠦᠯᠵᠦ᠂ ᠲᠥᠷᠥᠯ ᠵᠦᠢᠯ ᠤᠨ ᠪᠦᠬᠦ᠋ᠢᠯᠡ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠪᠠ ᠦᠢᠯᠡᠳᠪᠦᠷᠢᠯᠡᠯ ᠤᠨ ᠪᠡᠯᠡᠳᠬᠡᠯ ᠠᠵᠢᠯ ᠢ ᠪᠠᠲᠤᠯᠠᠪᠠ᠃ ᠡᠭᠦᠨ ᠤ ᠬᠠᠮᠲᠤ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠵᠣᠴᠢᠨ ᠡᠷᠦᠬᠡ ᠶᠢ ᠡᠷᠢᠵᠦ᠂ ᠸᠧ ᠯᠦᠩ ᠢ ᠵᠢᠩᠬᠢᠨᠢ ᠪᠠᠷ ᠪᠤᠭᠤᠲᠤ ᠳᠤ ᠦᠨᠳᠦᠰᠦᠯᠡᠭᠦᠯᠪᠡ︾ ᠭᠡᠵᠡᠢ᠃  ︽ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠠᠬᠢᠭᠤᠯᠬᠤ ᠶᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ᠴᠣᠮᠬᠠᠳᠬᠠᠬᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠵᠦᠢᠯᠡᠰ ᠢ ᠳᠥᠭᠦᠮᠴᠢᠯᠡᠬᠦ ᠪᠠ ᠰᠢᠯᠢᠳᠡᠭᠵᠢᠭᠦᠯᠬᠦ ᠶᠢ ᠶᠡᠬᠡᠪᠡᠷ ᠠᠬᠢᠭᠤᠯᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ︾᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠪᠢᠳᠡ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠬᠢᠨᠠᠨ ᠵᠥᠪᠰᠢᠶᠡᠷᠡᠬᠦ ᠶᠢ ᠤᠯᠤᠰ ᠠᠴᠠ ᠲᠣᠭᠲᠠᠭᠠᠭᠰᠠᠨ 20 ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠴᠠᠭ ᠢ ᠤᠯᠤᠰ ᠠᠴᠠ ᠲᠣᠭᠲᠠᠭᠠᠭᠰᠠᠨ 20 ᠠᠵᠢᠯᠯᠠᠬᠤ ᠡᠳᠦᠷ ᠪᠠᠶᠢᠭᠰᠠᠨ ᠠᠴᠠ 3 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠳᠠᠩᠰᠠᠯᠠᠭᠤᠯᠬᠤ ᠲᠥᠷᠥᠯ ᠤᠨ ᠲᠥᠷᠥᠯ ᠵᠦᠢᠯ ᠢ ᠳᠠᠷᠤᠶ ᠲᠦᠷᠭᠡᠨ ᠭᠦᠢᠴᠡᠳᠬᠡᠵᠦ᠂ ᠲᠣᠰ ᠡᠳᠦᠷ ᠲᠤᠨᠢ ᠭᠦᠢᠴᠡᠳᠬᠡᠵᠦ ᠳᠠᠭᠤᠰᠬᠠᠬᠤ ᠬᠡᠷᠡᠭᠲᠡᠢ᠃ ᠡᠨᠡ ᠵᠢᠯ ᠨᠢᠭᠡᠨᠲᠡ 32 ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠬᠦᠢᠴᠡᠳᠭᠡᠵᠦ ᠳᠠᠭᠤᠰᠬᠠᠨ᠂ ᠲᠥᠷᠥᠯ ᠵᠦᠢᠯ ᠢ ᠬᠦᠢᠴᠡᠳᠭᠡᠵᠦ ᠳᠠᠭᠤᠰᠬᠠᠭᠰᠠᠨ ᠨᠣᠷᠮ᠎ᠠ ᠨᠢ 100% ᠳᠤ ᠬᠥᠷᠪᠡ︾᠃  ︽ᠦᠷ᠎ᠡ ᠪᠦᠲᠦᠮᠵᠢ ᠶᠢᠨ ᠬᠤᠪᠢᠰᠬᠠᠯ︾ ᠤᠨ ᠠᠰᠠᠭᠤᠳᠠᠯ ᠢ ᠰᠢᠢᠳᠪᠦᠷᠢᠯᠡᠵᠦ ᠬᠢᠨᠠᠨ ᠵᠥᠪᠰᠢᠶᠡᠷᠡᠬᠦ ᠶᠢ ᠲᠦᠷᠭᠡᠳᠬᠡᠬᠦ ᠠᠴᠠ ᠦᠢᠯᠡᠴᠢᠯᠡᠭᠡ ᠶᠢ ᠲᠡᠰ ᠳᠡᠪᠰᠢᠭᠦᠯᠬᠦ ᠬᠦᠷᠲᠡᠯ᠎ᠡ  ᠶᠡᠷᠦ ᠠᠴᠠ ᠪᠤᠭᠤᠲᠤ ᠪᠣᠯ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠰᠢᠯᠢᠳᠡᠭ ᠰᠤᠷᠤᠭᠴᠢ︾ ᠮᠥᠨ᠂ ᠡᠨᠡ ᠬᠦ ︽ᠲᠠᠨ ᠢ ᠰᠡᠳᠭᠢᠯ ᠬᠠᠨᠤᠮᠵᠢᠲᠠᠢ ᠪᠠᠶᠢᠯᠭᠠᠬᠤ︾᠂ ︽ᠲᠠᠨ ᠢ ᠰᠠᠨᠠᠭ᠎ᠠ ᠠᠮᠤᠷ  ᠪᠠᠶᠢᠯᠭᠠᠬᠤ︾ ᠲᠡᠷᠢᠭᠦᠨ ᠤ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠶᠤᠮ᠃  ᠰᠢᠭᠤᠶᠢᠲᠦ ᠲᠣᠭᠤᠷᠢᠭ ᠲᠤ ︽ᠪᠤᠭᠤᠲᠤ ᠶᠢᠨ ᠵᠦᠩ ᠴᠧ ᠴᠢ ᠶᠧ ᠶᠠᠨ ᠭᠠᠵᠠᠷ ᠤᠨ ᠰᠠᠯᠬᠢᠨ ᠬᠦᠴᠦᠨ ᠤ ᠴᠠᠬᠢᠯᠭᠠᠨ ᠤ ᠳᠠᠮᠵᠢᠭᠤᠯᠭ᠎ᠠ ᠶᠢᠨ ᠬᠢᠵᠠᠭᠠᠷᠲᠤ ᠺᠣᠮᠫᠠᠨᠢ ᠵᠢᠯ ᠳᠤ 800 ᠰᠠᠭᠤᠷᠢ ᠲᠣᠮᠣ ᠬᠡᠯᠪᠡᠷᠢ ᠶᠢᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠬᠡᠳᠦ ᠶᠡᠭᠡ ᠴᠢᠳᠠᠯ ᠤᠨ ᠠᠷᠠᠭᠠᠲᠤ ᠬᠦᠷᠳᠦᠨ ᠬᠠᠶᠢᠷᠴᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾ ᠢ ᠦᠢᠯᠡᠳᠪᠦᠷᠢᠯᠡᠬᠦ ᠶᠠᠪᠤᠳᠠᠯ ᠳᠤ ᠴᠢᠭᠯᠡᠭᠦᠯᠦᠨ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢᠭᠤᠶᠢᠲᠦ ᠬᠤᠪᠢᠶᠠᠷᠢ ᠲᠣᠪᠴᠢᠶ᠎ᠠ ᠨᠢ ᠰᠠᠨᠠᠭᠠᠴᠢᠯᠠᠭ᠎ᠠ ᠠᠴᠠ ᠪᠠᠨ ᠡᠮᠦᠨ᠎ᠡ ᠲᠠᠯ᠎ᠠ ᠳᠤ ᠦᠢᠯᠡᠴᠢᠯᠡᠵᠦ᠂ ᠤᠷᠢᠳᠴᠢᠯᠠᠨ ᠣᠷᠣᠯᠴᠠᠵᠤ᠂ ᠬᠢᠨᠠᠨ ᠵᠦᠪᠰᠢᠶᠡᠷᠡᠬᠦ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠭᠰᠠᠨ ᠤ ᠳᠠᠷᠠᠭ᠎ᠠ᠂ ᠲᠡᠷᠡ ᠳᠠᠷᠤᠢ ᠳᠤᠨᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠥᠷᠥᠯ ᠵᠦᠢᠯ ᠤᠨ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠳᠤ ᠵᠠᠰᠠᠪᠤᠷᠢ ᠣᠷᠣᠭᠤᠯᠬᠤ ᠴᠠᠭ ᠢ ᠴᠢᠷᠮᠠᠶᠢᠨ ᠣᠯᠵᠤ᠂ ᠮᠥᠨ ᠴᠦ ᠠᠵᠤ ᠠᠬᠤᠶᠢᠯᠠᠯ ᠤᠨ ᠠᠵᠢᠯ ᠢᠶᠠᠨ ᠡᠷᠲᠡᠬᠡᠨ ᠡᠬᠢᠯᠡᠭᠦᠯᠬᠦ ᠳᠤ ᠴᠠᠭ ᠢ ᠠᠮᠵᠢᠨ ᠣᠯᠵᠤ ᠥᠭᠭᠦᠭᠰᠡᠨ ᠪᠠᠶᠢᠨ᠎ᠠ᠃  ᠵᠢᠦ ᠶᠤᠸᠠᠨ ᠲᠣᠭᠤᠷᠢᠭ ᠲᠤ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠣᠯᠭᠠᠭᠤᠯᠵᠤ᠂ ᠪᠤᠭᠤᠲᠤ ᠬᠤᠲᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠣᠲᠣᠷᠠᠬᠢ ᠥᠪᠥᠷ ᠮᠣᠩᠭᠤᠯ ᠤᠨ ᠷᠦᠨ ᠴᠧᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠯ ᠳᠤ 2 ᠳ᠋ᠦᠩᠰᠢᠭᠤᠷ ᠵᠤᠷᠪᠤᠰ ᠣᠯᠠᠨ ᠲᠠᠯᠠᠰᠲᠤ ᠴᠠᠬᠢᠭᠤᠷ ᠤᠨ ᠪᠦᠷᠬᠦᠭᠦᠯ ᠤᠨ ᠪᠣᠭᠤᠳᠠᠯ ᠪᠠᠭᠯᠠᠭ᠎ᠠ ᠶᠢᠨ ᠤᠭᠤᠲᠠ ᠵᠢᠴᠢ 3 ᠲᠦᠮᠡᠨ ᠲᠣᠨ ᠬᠡᠯᠪᠡᠷᠢ ᠪᠠᠨ ᠬᠤᠪᠢᠷᠠᠭᠤᠯᠬᠤ ᠬᠡᠯᠪᠡᠷᠢ ᠶᠢᠨ PP᠂ PE ᠮᠥᠬᠦᠯᠢᠭᠲᠦ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠪᠤᠭᠤᠲᠤ ᠶᠢᠨ ᠵᠥᠩ ᠶᠤᠸᠠᠨ ᠠᠮᠢᠳᠤ ᠪᠣᠳᠠᠰ ᠤᠨ ᠰᠠᠭᠤᠷᠢ ᠰᠢᠷᠬᠡᠭ ᠤᠨ ᠲᠥᠷᠥᠯ ᠵᠦᠢᠯ ᠨᠢ ᠭᠤᠤᠯᠳᠠᠯᠭ᠎ᠠ ᠲᠠᠢ ᠲᠥᠷᠥᠯ ᠵᠦᠢᠯ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ   ᠦᠨᠡᠮᠯᠡᠯ ︾᠂ ︽ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠡᠷ᠎ᠡ︾᠂ ︽ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ︾᠂ ︽ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ︾᠂ ᠲᠠᠪᠤᠨ ᠦᠨᠡᠮᠯᠡᠯ ᠢ ᠬᠠᠮᠲᠤᠷᠠᠨ ᠲᠠᠷᠬᠠᠭᠠᠬᠤ ᠶᠢ ᠤᠷᠤᠭᠰᠢᠲᠠᠶ ᠪᠡᠶᠡᠯᠡᠭᠦᠯᠪᠡ᠃ ︽ᠭᠠᠵᠠᠷ ᠰᠢᠷᠣᠢ ᠶᠢ ᠠᠪᠤᠮᠠᠭᠴᠠ ᠳᠠᠷᠤᠢ ᠠᠵᠢᠯ ᠡᠬᠢᠯᠡᠭᠦᠯᠬᠦ︾ ᠶᠢ ᠣᠷᠣᠨ ᠪᠦᠰᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠡᠪ ᠪᠠᠶᠢᠳᠠᠯ ᠪᠣᠯᠭᠠᠬᠤ ᠶᠢ ᠵᠡᠷᠭᠡᠪᠡᠷ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ︽ᠬᠤᠷᠳᠤᠴᠠ ᠪᠠᠨ ᠲᠦᠷᠭᠡᠳᠬᠡᠬᠦ︾ ᠳᠠᠷᠤᠪᠴᠢ ᠶᠢ ᠳᠠᠷᠤᠵᠤ᠂ ᠠᠵᠤ ᠠᠬᠤᠶᠢᠯᠠᠯ ᠤᠨ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠠᠰᠢᠭ ᠬᠦᠷᠲᠡᠬᠦ ᠳᠤ ᠬᠦᠴᠦᠨ ᠨᠡᠮᠡᠷᠢᠯᠡᠨ᠎ᠡ᠃  3 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ︽ᠬᠢᠨᠠᠨ ᠵᠥᠪᠰᠢᠶᠡᠷᠡᠬᠦ ᠵᠥᠪᠰᠢᠶᠡᠷᠡᠯ ᠢ ᠠᠪᠴᠤ ᠨᠢᠭᠡᠳᠦᠭᠡᠷ ᠹᠷᠣᠨᠲ ᠲᠤ ᠣᠷᠣᠬᠤ︾ ᠲᠤᠰᠬᠠᠶ ᠦᠢᠯᠡᠴᠢᠯᠡᠭᠡ ᠶᠢ ᠡᠬᠢᠯᠡᠭᠦᠯᠵᠦ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ︽ᠬᠦᠴᠢᠷᠳᠡᠯ︾ ᠢ ᠰᠢᠢᠳᠪᠦᠷᠢᠯᠡᠪᠡ᠃ ᠳᠣᠷᠣᠭᠰᠢ ᠪᠠᠭᠤᠵᠤ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠬᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠬᠤ᠂ ᠬᠢᠨᠠᠨ ᠬᠠᠮᠢᠶᠠᠷᠴᠤ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ᠃ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠴᠠᠭ ᠢ ᠤᠷᠲᠤᠳᠬᠠᠨ ᠭᠦᠢᠴᠡᠳᠭᠡᠬᠦ᠂ ᠴᠠᠭ ᠬᠢᠵᠠᠭᠠᠷᠯᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠮᠡᠳᠡᠭᠳᠡᠬᠦ᠂ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ︽ᠭᠤᠶᠤᠴᠢᠯᠠᠨ ᠮᠡᠳᠡᠭᠦᠯᠬᠦ — ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠬᠦ︾ ᠪᠥᠬᠦ ᠶᠠᠪᠤᠴᠠ ᠶᠢᠨ ᠦᠢᠯᠡᠴᠢᠯᠡᠭᠡ ᠶᠢ ᠪᠦᠷᠢᠯᠳᠦᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ︾ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  ︽ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠰᠢᠭᠤᠳ ᠴᠣᠮᠬᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠢᠳᠡ 51 ᠬᠡᠷᠡᠭ ᠶᠠᠪᠤᠳᠠᠯ ᠢ ᠭᠦᠢᠴᠡᠳᠬᠡᠬᠦ ᠳᠤ 12 ᠵᠦᠢᠯ ᠤᠨ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠪᠠ︔ 52 ᠬᠡᠷᠡᠭ ᠶᠠᠪᠤᠳᠠᠯ ᠢ ᠲᠤᠬᠠᠶ ᠶᠢᠨ ᠭᠠᠵᠠᠷ ᠲᠤᠨᠢ ᠬᠠᠶᠢᠨ ᠰᠢᠯᠭᠠᠬᠤ ᠭᠤᠭᠴᠤᠭ᠎ᠠ᠂ ᠬᠢᠨᠠᠨ ᠪᠠᠶᠢᠴᠠᠭᠠᠬᠤ ᠪᠠ ᠬᠢᠨᠠᠨ ᠵᠥᠪᠰᠢᠶᠡᠷᠡᠬᠦ ᠭᠤᠭᠴᠤᠭ᠎ᠠ ᠶᠢ ᠨᠢᠭᠡ ᠭᠤᠭᠴᠤᠭ᠎ᠠ ᠪᠣᠯᠭᠠᠨ ᠨᠡᠶᠢᠯᠡᠭᠦᠯᠵᠦ᠂ ︿ᠬᠢᠨᠠᠨ ᠬᠠᠷᠭᠤᠭᠤᠯᠬᠤ ᠶᠢ ᠨᠢᠭᠡᠳᠬᠡᠬᠦ﹀ ᠶᠢ ᠪᠡᠶᠡᠯᠡᠭᠦᠯᠪᠡ︔ 87 ᠬᠡᠷᠡᠭ ᠶᠠᠪᠤᠳᠠᠯ ᠢ ᠰᠢᠢᠳᠪᠦᠷᠢᠯᠡᠬᠦ ᠴᠠᠭ ᠤᠨ ᠬᠢᠵᠠᠭᠠᠷ ᠢ ᠨᠡᠶᠢᠲᠡ 2191 ᠠᠵᠢᠯᠯᠠᠬᠤ ᠡᠳᠦᠷ ᠬᠠᠰᠤᠨ ᠪᠠᠭᠠᠰᠬᠠᠵᠤ᠂ 26 ᠭᠦᠢᠴᠡᠳᠬᠡᠬᠦ ᠵᠦᠢᠯ ᠢ ᠳᠠᠷᠦ᠋ᠢᠬᠠᠨ ᠭᠦᠢᠴᠡᠳᠭᠡᠬᠦ ᠶᠢ ᠪᠡᠶᠡᠯᠡᠭᠦᠯᠵᠦ᠂ ᠠᠮᠠᠯᠠᠯᠲᠠ ᠶᠢᠨ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠠᠴᠠ 94.35% ᠪᠠᠷ ᠪᠠᠭᠠᠰᠬᠠᠵᠠᠢ︾᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠵᠠᠬ᠎ᠠ ᠳᠡᠯᠭᠡᠭᠦᠷ ᠢ ᠵᠦᠪᠰᠢᠶᠡᠷᠡᠨ ᠤᠷᠤᠭᠤᠯᠬᠤ ᠠᠯᠪᠠᠨ ᠭᠡᠷ ᠤᠨ ᠶᠠᠩ ᠬᠠᠢ ᠶᠠᠨ ᠢᠯᠡᠳᠭᠡᠪᠡ᠃  ︽ᠥᠩᠭᠡᠷᠡᠭᠰᠡᠨ ᠳᠤ ᠣᠯᠠᠨ ᠤᠳᠠᠭ᠎ᠠ ᠪᠣᠯᠵᠣᠬᠤ᠂ ᠳᠠᠬᠢᠨ ᠳᠠᠪᠲᠠᠨ ᠬᠦᠶᠦᠬᠦ ᠬᠡᠷᠡᠭᠲᠡᠢ᠂ ᠣᠳᠣ ᠭᠡᠷ ᠠᠴᠠ ᠪᠠᠨ ᠭᠠᠷᠬᠤ ᠦᠭᠡᠢ ᠪᠠᠷ ᠬᠢᠵᠦ ᠳᠡᠶᠢᠯᠦᠨ᠎ᠡ᠂ ᠦᠷ᠎ᠡ ᠪᠦᠲᠦᠮᠵᠢ ᠨᠢ ᠬᠡᠲᠦᠷᠬᠡᠢ ᠥᠨᠳᠥᠷ ᠪᠣᠯᠵᠠᠢ︕︾ ᠠᠵᠤ ᠠᠬᠤᠶᠢᠯᠠᠯ ᠤᠨ ᠨᠢᠭᠡᠴᠢ ᠶᠢᠨ ᠬᠠᠷᠢᠭᠤᠴᠠᠯᠭᠠᠲᠠᠨ ᠵᠠᠯᠭᠠᠭ᠎ᠠ ᠪᠠᠷ ᠮᠠᠭᠲᠠᠪᠠ᠃  ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠵᠦ᠂ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ ᠡᠨᠡ ᠵᠢᠯ ᠠᠴᠠ ᠨᠠᠭᠠᠰᠢ᠂ ᠪᠤᠭᠤᠲᠤ ᠬᠤᠲᠠ ᠴᠢᠬᠤᠯᠠ ᠶᠡᠭᠡ ᠲᠥᠷᠥᠯ ᠵᠦᠢᠯ ᠢᠶᠠᠷ ᠰᠠᠭᠤᠷᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠥᠩᠭᠡᠷᠡᠯᠲᠡ ᠪᠠᠷ ᠤᠳᠤᠷᠢᠳᠤᠮᠵᠢ ᠪᠣᠯᠭᠠᠵᠤ᠂ ᠮᠡᠷᠭᠡᠵᠢᠯ ᠤᠨ ᠡᠨᠧᠷᠭᠢ ᠣᠯᠭᠤᠬᠤ᠂ ᠶᠠᠪᠤᠴᠠ ᠶᠢ ᠳᠠᠬᠢᠨ ᠡᠭᠦᠳᠬᠦ ᠪᠠ ᠲᠦᠷᠢᠮ ᠤᠨ ᠰᠢᠨ᠎ᠡ ᠡᠭᠦᠳᠦᠯᠲᠡ ᠪᠠᠷ ᠳᠠᠮᠵᠢᠭᠤᠯᠤᠨ᠂ ᠴᠢᠬᠤᠯᠠ ᠶᠡᠭᠡ ᠲᠦᠷᠦᠯ ᠵᠦᠢᠯ ᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠪᠣᠯᠭᠠᠬᠤ ᠳᠤ ᠬᠦᠴᠦᠨ ᠨᠡᠮᠡᠷᠢᠯᠡᠪᠡ᠃ ᠬᠤᠪᠣᠷ ᠰᠢᠷᠣᠶ ᠶᠢᠨ ᠦᠢᠯᠡᠳᠪᠦᠷᠢ ᠶᠢᠨ ᠲᠠᠰᠤᠭ ᠠᠴᠠ ᠬᠡᠷᠡᠯ ᠴᠡᠨᠡᠭ ᠤᠨ ᠬᠦᠷᠢᠶᠡᠯᠡᠩ ᠬᠦᠷᠲᠡᠯ᠎ᠡ᠂ ᠡᠨᠧᠷᠭᠢ ᠬᠠᠳᠠᠭᠠᠯᠠᠬᠤ ᠰᠠᠭᠤᠷᠢᠨ ᠭᠠᠵᠠᠷ ᠠᠴᠠ ᠤᠰᠤᠲᠥ᠋ᠷᠥᠭᠴᠢ ᠶᠢᠨ ᠡᠨᠧᠷᠭᠢ ᠶᠢᠨ ᠬᠤᠭᠤᠯᠠᠶ ᠱᠤᠭᠤᠮ ᠬᠦᠷᠲᠡᠯ᠎ᠡ᠂ ᠲᠥᠷᠥᠯ ᠵᠦᠢᠯ ᠨᠢᠭᠡᠪᠦᠷᠢ ᠶᠢᠨ ᠠᠮᠢᠰᠬᠤᠭ᠎ᠠ ᠠᠪᠬᠤ ᠨᠢ ᠴᠥᠮ ᠠᠳᠠᠯᠢ ᠨᠢᠭᠡᠨ ᠢᠲᠡᠭᠡᠯ ᠵᠣᠷᠢᠭ ᠢᠶᠠᠨ ᠢᠯᠡᠳᠬᠡᠵᠦ ᠪᠠᠶᠢᠨ᠎ᠠ᠄ ︽ᠲᠥᠯᠥᠪᠵᠢᠭᠦᠯᠭᠡ ᠶᠢᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠵᠤ᠂ ︽ᠴᠠᠭ ᠤᠨ ᠬᠦᠰᠦᠨᠦᠭᠲᠦ︾ ᠶᠢ ︽ᠵᠠᠮ ᠤᠨ ᠬᠡᠮᠵᠢᠭᠦᠷ︾ ᠪᠣᠯᠭᠠᠵᠤ᠂ ᠨᠢᠭᠡᠨ ︽ᠴᠢᠬᠤᠯᠠ ᠶᠡᠭᠡ ᠲᠥᠷᠥᠯ ᠵᠦᠢᠯ ᠤᠨ ᠣᠷᠣᠶ ᠨᠢ ᠰᠦᠨᠳᠡᠷᠯᠡᠵᠦ᠂ ᠠᠵᠤ ᠦᠢᠯᠡᠰ ᠤᠨ ᠰᠢᠨ᠎ᠡ ᠣᠳᠣᠨ ᠲᠩᠷᠢ ᠭᠠᠵᠠᠷ ᠢ ᠪᠦᠷᠬᠦᠭᠰᠡᠨ︾ ᠰᠦᠷᠯᠢᠭ ᠰᠠᠶᠢᠬᠠᠨ ᠵᠢᠷᠤᠭ ᠢ ᠠᠭᠠᠵᠢᠮ ᠢᠶᠠᠷ ᠳᠡᠯᠭᠡᠷᠡᠭᠦᠯᠵᠦ ᠪᠠᠶᠢᠨ᠎ᠠ᠃ ︵ᠦᠰᠦᠭ / ᠰᠤᠷᠪᠤᠯᠵᠢᠯᠠᠭᠴᠢ ᠯᠢ ᠺᠠᠢ ᠶᠢᠨ  ᠵᠢᠷᠤᠭ / ᠰᠤᠷᠪᠤᠯᠵᠢᠯᠠᠭᠴᠢ ᠵᠤ᠋ ᠵᠢᠶᠠ ᠯᠧ︶ 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ