ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠹᠷᠢᠳ᠋ᠷᠢᠰᠢ · ᠮᠦᠸᠧᠽᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠬᠤᠯᠪᠣᠭᠠᠨ ᠤ ᠭᠧᠷᠮᠠᠨ ᠤᠯᠤᠰ ᠤᠨ ᠶᠡᠷᠦᠩᠬᠡᠢ | ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 53 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠯᠴᠡᠬᠦ᠂ ᠡᠷᠬᠡ ᠲᠡᠭᠰᠢ ᠪᠠᠷ ᠬᠠᠨᠳᠤᠬᠤ | ᠬᠠᠷᠢᠯᠴᠠᠭᠠᠨ ᠤ ᠵᠠᠮ ᠢ ᠪᠠᠷᠢᠮᠲᠠᠯᠠᠵᠤ᠂ ᠢᠮᠠᠭᠲᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ᠂ ᠬᠠᠮᠲᠤ ᠪᠠᠷ ᠠᠰᠢᠭ ᠬᠦᠷᠲᠡᠵᠦ ᠬᠥᠭᠵᠢᠬᠦ | ᠬᠠᠮᠲᠤᠷᠠᠯᠴᠠᠭᠠᠨ ᠤ ᠵᠠᠮ ᠢᠶᠠᠷ ᠵᠠᠮᠨᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠬᠤ᠂ ᠬᠠᠷᠢᠯᠴᠠᠨ ᠠᠮᠵᠢᠯᠲᠠ ᠣᠯᠬᠤ ᠰᠠᠶᠢᠨ ᠬᠠᠨᠢᠲᠠᠨ ᠪᠣᠯᠵᠤ᠂ ᠥᠨᠳᠥᠷ | ᠲᠦᠪᠰᠢᠨ ᠪᠦᠬᠦᠢ ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠣᠳᠣᠬᠠᠨ ᠤ | ᠳᠡᠯᠡᠬᠡᠢ ᠶᠢᠷᠲᠢᠨᠴᠦ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠷᠤᠰᠬᠠᠯ ᠰᠥᠷᠦᠨ | ᠥᠨᠳᠡᠯᠵᠡᠵᠦ ᠪᠠᠶᠢᠭ᠎ᠠ ᠪᠤᠯᠪᠠᠴᠤ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠪᠣᠯ ᠮᠥᠨ ᠬᠦ ᠬᠥᠮᠥᠨ ᠤ | ᠶᠢᠷᠲᠢᠨᠴᠦ ᠶᠢᠨ ᠵᠥᠪ ᠵᠠᠮ ᠪᠠ ᠬᠤᠷᠢᠭᠯᠠᠭᠳᠠᠰᠢ ᠦᠭᠡᠢ ᠴᠠᠭ ᠦᠶ᠎ᠡ ᠶᠢᠨ ᠤᠷᠤᠰᠬᠠᠯ ᠪᠣᠯᠣᠨ᠎ᠠ᠃ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ | ᠠᠬᠤᠢ ᠶᠢᠨ ᠴᠣᠭᠴᠠ ᠪᠣᠯᠣᠨ ᠪᠦᠭᠦ ᠪᠥᠮᠪᠥᠷᠴᠡᠭ ᠲᠤ ᠨᠥᠯᠥᠭᠡ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠭᠧᠷᠮᠠᠨ ᠬᠤᠶᠠᠷ ᠤᠯᠤᠰ | ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠲᠤ ᠰᠠᠬᠢᠵᠤ᠂ ᠰᠣᠯᠢᠯᠴᠠᠯ ᠲᠣᠯᠢᠳᠠᠯ ᠢᠶᠠᠨ ᠭᠦᠨᠵᠡᠭᠡᠶᠢᠷᠡᠭᠦᠯᠵᠦ᠂ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠬᠰᠢᠨ ᠰᠠᠯᠬᠢ ᠰᠢᠷᠦᠭᠦᠨ ᠪᠣᠷᠣᠭᠠᠨ ᠢ ᠭᠠᠷ ᠬᠤᠯᠪᠣᠨ ᠬᠠᠮᠲᠤ ᠪᠠᠷ ᠲᠤᠭᠤᠯᠵᠤ᠂ ᠬᠤᠶᠠᠷ | ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠲᠠ ᠪᠣᠯᠣᠨ ᠲᠦᠭᠡᠮᠡᠯ | ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠪᠠᠯ ᠵᠣᠬᠢᠨ᠎ᠠ᠃ ᠪᠢ ᠳᠤᠮᠳᠠᠳᠤ ᠭᠧᠷᠮᠠᠨ ᠤ ᠬᠠᠷᠢᠯᠴᠠᠭ᠎ᠠ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠢ ᠰᠠᠶᠢᠳ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠰᠣᠯᠢᠯᠴᠠᠭ᠎ᠠ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ | ᠪᠠᠶᠢᠳᠠᠯ ᠢ ᠡᠭᠦᠳᠴᠦ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠪᠠ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠠᠭᠢᠯᠭᠠᠨ ᠴᠢᠮᠡᠭᠡ ᠶᠠᠪᠤᠭᠤᠯᠵᠤ᠂ ᠮᠦᠸᠧᠽᠢ ᠶᠢᠨ | ᠭᠧᠷᠮᠠᠨ ᠤ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠂ ᠬᠤᠶᠠᠷ ᠲᠠᠯ᠎ᠠ ᠶᠢᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠦᠯᠡᠮᠵᠢ᠂ ᠭᠡᠭᠡᠨ ᠰᠠᠷᠠᠭᠤᠯ | ᠠᠯᠤᠰ ᠢᠷᠡᠭᠡᠳᠦᠢ ᠲᠠᠢ᠃ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠬᠤᠶᠠᠷ ᠤᠯᠤᠰ ᠤᠨ ᠬᠠᠮᠲᠤ ᠶᠢᠨ | ᠲᠡᠦᠬᠡ ᠶᠢᠨ ᠰᠣᠩᠭᠤᠯᠲᠠ ᠮᠥᠨ᠂ ᠪᠠᠰᠠ ᠴᠤ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠠᠶᠢᠵᠤ᠂ ᠬᠤᠶᠠᠷ | ᠲᠠᠯ᠎ᠠ ᠪᠠᠷ ᠢᠶᠠᠨ ᠨᠠᠷᠢᠨ ᠨᠢᠮᠪᠠᠢ ᠬᠥᠭᠵᠢᠭᠦᠯᠦᠨ ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠤᠰᠢᠲᠠᠢ ᠶᠤᠮ᠃ ᠪᠢ ᠲᠠᠨ ᠲᠠᠢ ᠬᠠᠮᠲᠤ ᠰᠠᠶᠢᠨ ᠰᠠᠶᠢᠬᠠᠨ ᠠᠵᠢᠯ ᠤᠨ | ᠬᠠᠷᠢᠯᠴᠠᠭ᠎ᠠ ᠪᠠᠶᠢᠭᠤᠯᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ | ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ | ᠳᠠᠭᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | |