︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ︵ | ᠵᠠᠰᠠᠪᠤᠷᠢ ᠣᠷᠣᠭᠤᠯᠤᠭᠰᠠᠨ ᠲᠥᠰᠦᠯ ᠤᠨ ᠰᠠᠨᠠᠯ ᠬᠤᠷᠢᠶᠠᠬᠤ ᠨᠣᠤᠷᠠᠭ︶ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠤᠨ ᠠᠵᠤ ᠠᠬᠤᠶᠢᠯᠠᠯ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠩᠬᠠᠷᠴᠤ ᠪᠠᠶᠢᠭ᠎ᠠ | ᠠᠰᠠᠭᠤᠳᠠᠯ ᠢ ᠭᠦᠢᠴᠡᠳ ᠤᠶᠢᠯᠠᠭᠠᠨ᠂ ︽ᠲᠦᠷᠢᠮ︾ ᠢ ᠪᠦᠲᠦᠮᠵᠢᠲᠡᠶ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠢᠭᠡᠳ ᠠᠰᠢᠭᠯᠠᠯᠲᠠ ᠶᠢᠨ ᠰᠤᠳᠤᠯᠭᠠᠨ ᠤ ᠲᠥᠪ ᠠᠴᠠ 5 ᠳ᠋ᠤᠭᠠᠷ | ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠡᠷᠬᠡ ᠶᠢ ᠦᠨᠡᠯᠡᠨ ᠵᠢᠱᠢᠭᠴᠢ ᠶᠢᠨ ᠨᠡᠶᠢᠭᠡᠮᠯᠢᠭ ᠤᠨ ᠬᠥᠬᠡᠬᠤᠲᠠ ᠶᠢᠨ | ᠲᠥᠯᠥᠭᠡᠯᠡᠭᠴᠢᠳ ᠤᠨ ᠭᠠᠵᠠᠷ ᠲᠤ ᠬᠦᠷᠴᠦ ᠰᠠᠭᠤᠳᠠᠯ ᠤᠨ ᠬᠤᠷᠠᠯ ᠤᠨ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢᠨ ᠲᠦᠷᠢᠮ ᠳᠤ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠶᠢ ᠰᠣᠨᠣᠰᠪᠠ᠃ | ᠰᠠᠭᠤᠳᠠᠯ ᠤᠨ ᠬᠤᠷᠠᠯ ᠳᠡᠭᠡᠷ᠎ᠡ᠂ ᠰᠤᠳᠤᠯᠭᠠᠨ ᠤ ᠲᠥᠪ ᠠᠴᠠ ︽ᠲᠦᠷᠢᠮ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠴᠢᠬᠤᠯᠠ ᠶᠡᠭᠡ ᠠᠴᠢ | ᠬᠤᠯᠪᠣᠭᠳᠠᠯ᠂ ᠶᠡᠷᠦᠩᠬᠡᠢ ᠰᠡᠳᠬᠢᠴᠡ ᠪᠣᠯᠤᠨ ᠠᠵᠢᠯ ᠤᠨ ᠠᠬᠢᠴᠠ ᠶᠢ ᠲᠠᠨᠢᠯᠴᠠᠭᠤᠯᠤᠭᠰᠠᠨ ᠪᠥᠭᠡᠳ ︽ᠲᠦᠷᠢᠮ︾ ᠤᠨ ᠭᠤᠣᠯ ᠠᠭᠤᠯᠭ᠎ᠠ ᠶᠢᠨ ᠲᠤᠬᠠᠢ | ᠭᠦᠨᠵᠡᠭᠡᠢ ᠲᠠᠶᠢᠯᠤᠮᠵᠢ ᠬᠢᠵᠡᠢ᠃ ᠲᠤᠰᠬᠠᠶ ᠮᠡᠷᠭᠡᠵᠢᠯᠲᠡᠨ ᠤ ᠲᠥᠯᠥᠭᠡᠯᠡᠭᠴᠢᠳ ᠲᠣᠰ ᠲᠣᠰ ᠤᠨ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠪᠠ ᠠᠵᠢᠯ ᠤᠨ | ᠪᠣᠳᠠᠲᠤ ᠪᠠᠶᠢᠳᠠᠯ ᠠᠴᠠ ᠡᠭᠦᠰᠴᠦ᠂ ᠨᠡᠶᠢᠭᠡᠮ ᠪᠠ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠭᠤᠷᠬᠠᠶ ᠶᠢᠨ ᠦᠢᠯᠡᠰ ᠤᠨ ᠡᠷᠬᠡ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠠᠭᠤᠷᠬᠠᠶ ᠶᠢᠨ ᠦᠢᠯᠡᠰ ᠤᠨ ᠡᠷᠬᠡ ᠶᠢ ᠦᠨᠡᠯᠡᠨ ᠵᠢᠱᠢᠬᠦ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠦᠨᠡᠯᠡᠨ ᠵᠢᠱᠢᠵᠦ ᠳᠠᠩᠰᠠᠯᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠶᠠᠷᠢᠯᠴᠠᠭ᠎ᠠ | ᠥᠷᠨᠢᠭᠦᠯᠵᠦ᠂ ᠠᠭᠤᠷᠬᠠᠶ ᠶᠢᠨ ᠦᠢᠯᠡᠰ ᠤᠨ ᠡᠷᠬᠡ ᠶᠢ ᠦᠨᠡᠯᠡᠨ ᠵᠢᠱᠢᠬᠦ ᠪᠠ ᠬᠠᠳᠠᠭᠠᠯᠠᠭᠳᠠᠴᠠ ᠶᠢ ᠦᠨᠡᠯᠡᠨ ᠵᠢᠱᠢᠬᠦ ᠦᠢᠯᠡᠴᠢᠯᠡᠭᠡᠨ ᠤ ᠲᠠᠯ᠎ᠠ ᠪᠠᠷ ᠲᠤᠰᠬᠠᠶ | ᠮᠡᠷᠭᠡᠵᠢᠯ ᠤᠨ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠳᠠᠷᠠᠭᠠᠴᠢ ᠶᠢᠨ ᠠᠯᠬᠤᠮ ᠳᠤ᠂ ᠰᠤᠳᠤᠯᠭᠠᠨ ᠤ ᠲᠥᠪ ᠨᠢ ᠤᠯᠠᠮ ᠨᠢᠭᠡ ᠠᠯᠬᠤᠮ ᠬᠤᠷᠢᠶᠠᠩᠭᠤᠶᠢᠯᠠᠨ ᠡᠮᠬᠢᠯᠡᠵᠦ᠂ ᠭᠦᠨᠵᠡᠭᠡᠶ ᠨᠤᠲᠠᠯᠠᠯᠲᠠ ᠬᠢᠵᠦ᠂ | ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ | ᠠᠷᠠᠳ ᠤᠨ ᠪᠠᠶᠢᠳᠠᠯ ᠢ ᠭᠦᠢᠴᠡᠳ ᠣᠶᠢᠯᠠᠭᠠᠵᠤ᠂ ᠠᠷᠠᠳ ᠤᠨ ᠰᠠᠨᠠᠭ᠎ᠠ ᠶᠢ ᠲᠤᠰᠬᠠᠵᠤ᠂ ᠨᠡᠶᠢᠭᠡᠮ ᠨᠡᠶᠢᠲᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠵᠦᠢ ᠶᠣᠰᠣᠨ ᠤ ᠰᠠᠨᠠᠭᠤᠯᠭ᠎ᠠ ᠶᠢ ᠰᠢᠩᠭᠡᠭᠡᠨ ᠠᠪᠴᠤ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢᠨ | ᠠᠷᠠᠳᠴᠢᠯᠠᠯᠲᠠ᠂ ᠢᠯᠡ ᠪᠣᠯᠬᠤ ᠶᠢ ᠠᠬᠢᠭᠤᠯᠵᠤ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠬᠦ ᠲᠠᠯ᠎ᠠ ᠪᠠᠷ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠥᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ | |