ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ︽ᠵᠢᠷᠭᠤᠭᠠᠨ ᠨᠢᠭᠡ︾ ᠶᠢᠨ | ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠬᠥᠬᠡᠬᠤᠲᠠ ᠶᠢᠨ ᠬᠤᠶᠠᠳᠤᠭᠠᠷ ᠭᠢᠨᠳᠠᠨ ᠳᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠡᠷᠡᠮᠵᠢᠯᠡᠭᠦᠯᠬᠦ ᠬᠥᠮᠦᠵᠢᠯ ᠤᠨ | ᠠᠵᠢᠯᠯᠠᠭ᠎ᠠ ᠥᠷᠨᠢᠭᠦᠯᠪᠡ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 90 ᠭᠠᠷᠤᠶ | ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠯᠠᠭ᠎ᠠ ᠳᠤ ᠣᠷᠣᠯᠴᠠᠪᠠ᠃ | ᠭᠢᠨᠳᠠᠨ ᠤ ᠺᠠᠳ᠋ᠷ ᠴᠠᠭᠳᠠᠭ᠎ᠠ ᠶᠢᠨ ᠳᠠᠭᠠᠭᠤᠯᠭ᠎ᠠ ᠳᠣᠤᠷ᠎ᠠ᠂ ᠪᠥᠬᠦ ᠺᠠᠳ᠋ᠷ ᠠᠵᠢᠯᠲᠠᠨ ᠡᠷᠡᠭᠦᠦ ᠰᠢᠢᠳᠬᠡᠯ ᠭᠦᠢᠴᠡᠳᠬᠡᠭᠴᠢᠳ ᠤᠨ ᠭᠢᠨᠳᠠᠨ ᠤ ᠭᠡᠷ᠂ | ᠰᠤᠷᠤᠯᠴᠠᠯᠭ᠎ᠠ ᠬᠥᠮᠦᠵᠢᠯ ᠤᠨ ᠲᠠᠯᠠᠪᠤᠷ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ | ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠹᠢᠯᠢᠮ ᠢ ᠲᠥᠪᠯᠡᠷᠡᠭᠦᠯᠦᠨ ᠦᠵᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠷᠡᠭᠦᠤ ᠰᠢᠢᠳᠬᠡᠯ | ᠭᠦᠢᠴᠡᠳᠬᠡᠵᠦ ᠪᠠᠶᠢᠭ᠎ᠠ ᠬᠥᠮᠥᠰ ᠥᠪᠡᠷ ᠤᠨ ᠦᠵᠡᠯᠲᠡ ᠪᠠᠨ ᠶᠠᠷᠢᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠶᠠᠪᠤᠴᠠ ᠶᠢ ᠭᠦᠨᠵᠡᠭᠡᠢ ᠵᠠᠳᠠᠯᠵᠤ᠂ | ᠥᠪᠡᠷ ᠤᠨ ᠦᠩᠭᠡᠷᠡᠯᠲᠡ ᠪᠠᠷ ᠢᠶᠠᠨ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠤ ᠬᠡᠷᠡᠭ ᠢᠶᠠᠷ ᠲᠣᠯᠢ ᠪᠣᠯᠭᠠᠵᠤ᠂ | ᠰᠤᠷᠭᠠᠮᠵᠢ ᠠᠪᠴᠤ᠂ ᠴᠠᠭ ᠢᠮᠠᠭᠲᠠ ︽ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠳᠠᠪᠠᠵᠤ ᠪᠣᠯᠤᠰᠢ ᠦᠭᠡᠢ︾ ᠰᠡᠷᠡᠮᠵᠢ ᠶᠢᠨ ᠬᠤᠩᠬᠤ ᠶᠢ ᠳᠤᠤᠭᠠᠷᠭᠠᠭᠰᠠᠨ | ᠪᠠᠶᠢᠨ᠎ᠠ᠃ | ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠨᠢ ᠰᠡᠳᠬᠢᠯ ᠢ ᠳᠣᠭᠳᠣᠯᠤᠭᠤᠯᠵᠤ᠂ ᠰᠦᠭ ᠰᠦᠨᠡᠰᠦ ᠶᠢ ᠨᠢ | ᠬᠦᠨᠳᠡᠵᠦ᠂ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠳᠠᠪᠲᠠᠯᠲᠠ ᠪᠠ ᠦᠵᠡᠯ ᠰᠠᠨᠠᠭᠠᠨ ᠤ ᠤᠬᠢᠶᠠᠯ ᠪᠣᠯᠤᠨ᠎ᠠ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠤᠯᠠᠨ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠠᠵᠢᠯ ᠤᠨ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠢᠯᠵᠠᠷᠠᠯ ᠢ | ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ | |