5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠠᠰᠠᠭᠤᠳᠠᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠡᠳ᠋ ᠤᠨ ᠵᠠᠰᠠᠭ ᠤᠨ ᠲᠢᠩᠬᠢᠮ ᠳᠤ ᠸᠠᠩ ᠯᠢ ᠰᠢᠶᠠ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ᠂ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠥᠭᠬᠦ ᠪᠡᠯᠡ ᠮᠥᠩᠭᠦ ᠶᠢ ᠲᠠᠷᠬᠠᠭᠠᠬᠤ ᠲᠠᠪᠴᠠᠩ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ | ᠲᠠᠪᠴᠠᠩ ᠵᠡᠷᠭᠡ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠬᠡᠷᠡᠭᠯᠡᠬᠦ ᠳᠤᠮᠳᠠ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠢ | ᠳᠤᠨᠢ ᠢᠯᠡᠷᠡᠭᠦᠯᠬᠦ᠂ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠪᠢᠲᠡᠭᠦᠦ ᠭᠤᠭᠴᠤᠭ᠎ᠠ ᠶᠢ ᠪᠠᠶᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠸᠠᠩ ᠯᠢ ᠰᠢᠶᠠ ︽ᠥᠨᠳᠥᠷ ᠪᠦᠲᠦᠮᠵᠢᠲᠡᠢ ᠪᠠᠷ ᠨᠢᠭᠡ ᠤᠴᠢᠷ ᠶᠠᠪᠤᠳᠠᠯ ᠢ ᠬᠢᠵᠦ ᠭᠦᠢᠴᠡᠳᠬᠡᠬᠦ︾ ᠥᠭᠡᠷᠡᠴᠢᠯᠡᠯᠲᠡ ᠶᠢ ᠲᠤᠶᠢᠯ ᠢᠶᠠᠷ ᠬᠠᠯᠠᠮᠵᠢᠯᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠥᠨᠳᠥᠷ ᠪᠦᠲᠦᠮᠵᠢᠲᠡᠢ ᠪᠠᠷ ᠤᠴᠢᠷ ᠶᠠᠪᠤᠳᠠᠯ ᠬᠢᠵᠦ ᠭᠦᠢᠴᠡᠳᠬᠡᠬᠦ ᠡᠭᠦᠳᠡᠨ ᠠᠴᠠ ᠡᠭᠦᠰᠴᠦ᠂ ᠠᠵᠢᠯᠯᠠᠭᠤᠯᠬᠤ ᠰᠢᠰᠲ᠋ᠧᠮ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ APP ᠤᠯᠠᠨ ᠪᠠᠶᠢᠬᠤ᠂ ᠮᠡᠳᠡᠭᠡ ᠵᠠᠩᠭᠢ ᠶᠢ ᠲᠠᠭᠢᠨ ᠳᠠᠪᠲᠠᠨ ᠲᠠᠭᠯᠠᠬᠤ᠂ ᠵᠠᠷᠢᠮ | ᠶᠠᠪᠤᠳᠠᠯ ᠢ ᠰᠢᠯᠵᠢᠶ᠎ᠡ ᠶᠢᠨ ᠦᠵᠦᠭᠦᠷᠯᠢᠭ ᠲᠤ ᠭᠦᠢᠴᠡᠳᠬᠡᠬᠦ ᠶᠢ ᠳᠡᠮᠵᠢᠬᠦ ᠦᠭᠡᠢ ᠪᠠᠶᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ | ᠭᠠᠷ ᠤᠲᠠᠰᠤᠨ ᠳᠡᠭᠡᠷ᠎ᠡ ᠨᠡᠩ ᠳᠥᠭᠦᠮ ᠲᠦᠷᠭᠡᠨ ᠢᠶᠠᠷ ᠤᠴᠢᠷ ᠶᠠᠪᠤᠳᠠᠯ ᠪᠦᠲᠦᠭᠡᠵᠦ ᠴᠢᠳᠠᠬᠤ ᠶᠢ ᠪᠡᠶᠡᠯᠡᠭᠦᠯᠬᠦ ᠬᠡᠷᠡᠭᠲᠡᠢ᠃ ᠪᠡᠶᠡᠴᠢᠯᠡᠨ ᠣᠶᠢᠯᠠᠭᠠᠬᠤ | ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠬᠡᠷᠡᠭᠯᠡᠭᠴᠢ ᠶᠢᠨ ᠬᠤᠪᠢ︾ ᠪᠠᠷ ᠤᠴᠢᠷ ᠶᠠᠪᠤᠳᠠᠯ ᠭᠦᠢᠴᠡᠳᠬᠡᠬᠦ ᠪᠦᠭᠦ ᠶᠠᠪᠤᠴᠠ ᠶᠢ ᠪᠡᠶᠡᠴᠢᠯᠡᠨ ᠣᠶᠢᠯᠠᠭᠠᠵᠤ᠂ | ᠲᠦᠭᠵᠢᠷᠡᠯ ᠤᠨ ᠴᠡᠭ ᠬᠤᠷᠢᠭ᠎ᠠ ᠴᠡᠭ ᠢ ᠣᠨᠣᠴᠠᠲᠠᠢ ᠡᠷᠢᠨ ᠣᠯᠵᠤ ᠰᠢᠢᠳᠪᠦᠷᠢᠯᠡᠨ᠂ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ ᠬᠠᠨᠤᠮᠵᠢ ᠲᠠᠢ | ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠤ᠂ ᠪᠦᠭᠦ ᠣᠷᠣᠨ ᠤ | ᠮᠡᠳᠡᠭᠡ ᠵᠠᠩᠭᠢ ᠶᠢᠨ ᠰᠢᠰᠲ᠋ᠧᠮ ᠢ ᠲᠥᠪᠯᠡᠷᠡᠭᠦᠯᠦᠨ ᠥᠭᠡᠷᠡᠴᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ | ᠲᠠᠪᠴᠠᠩ ᠢ ᠨᠡᠶᠢᠳᠬᠡᠵᠦ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠤᠷ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠢ ᠡᠷᠡᠰ | ᠬᠤᠷᠢᠭᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠡᠷᠡᠭᠯᠡᠬᠦ ᠶᠠᠪᠤᠴᠠ ᠳᠤ ᠶᠠᠮᠠᠷ ᠠᠰᠠᠭᠤᠳᠠᠯ ᠲᠤᠯᠭᠠᠷᠠᠪᠠᠯ ᠲᠡᠷᠡ | ᠠᠰᠠᠭᠤᠳᠠᠯ ᠢ ᠰᠢᠢᠳᠪᠦᠷᠢᠯᠡᠵᠦ᠂ ᠶᠠᠭᠠᠬᠢᠵᠤ ᠬᠡᠷᠡᠭᠯᠡᠪᠡᠯ ᠰᠠᠶᠢᠨ ᠪᠣᠯ ᠲᠡᠷᠡ ᠶᠣᠰᠣᠭᠠᠷ ᠰᠠᠶᠢᠵᠢᠷᠠᠭᠤᠯᠵᠤ᠂ ᠢᠯᠠᠩᠭᠤᠶ᠎ᠠ ᠠᠵᠤ ᠠᠬᠤᠶᠢᠯᠠᠯ ᠪᠣᠯᠣᠨ ᠤᠯᠠᠨ | ᠲᠦᠮᠡᠨ ᠤ ᠬᠡᠷᠡᠭᠴᠡᠭᠡ ᠪᠠᠷ ᠵᠣᠷᠢᠯᠲᠠ ᠪᠤᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ ᠳ᠋ᠠᠶᠢᠲ᠋ᠠ ᠶᠢᠨ ᠪᠠᠬᠢᠯᠡᠯᠲᠡ ᠶᠢ ᠨᠠᠪᠲᠠᠷᠡᠭᠦᠯᠵᠦ᠂ ︽ᠰᠦᠯᠵᠢᠶᠡᠨ ᠳᠤ | ᠭᠠᠷᠭᠠᠵᠤ ᠪᠤᠯᠬᠤ ᠶᠢ ᠨᠢ ᠪᠦᠭᠦᠨ ᠢ ᠰᠦᠯᠵᠢᠶᠡᠨ ᠳᠤ ᠭᠠᠷᠭᠠᠬᠤ︾ ᠵᠠᠷᠴᠢᠮ ᠢᠶᠠᠷ ᠳ᠋ᠠᠶᠢᠲ᠋ᠠ ᠶᠢ ᠡᠭᠦᠯᠡᠨ ᠲᠠᠪᠴᠠᠩ ᠳᠤ ᠭᠠᠷᠭᠠᠬᠤ ᠶᠢ ᠠᠬᠢᠭᠤᠯᠵᠤ᠂ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠭᠦ︾ ᠠᠴᠠ ︽ᠲᠦᠷᠭᠡᠨ ᠭᠦᠢᠴᠡᠳᠬᠡᠬᠦ᠂ ᠠᠮᠠᠷᠬᠠᠨ | ᠭᠦᠢᠴᠡᠳᠬᠡᠬᠦ᠂ ᠰᠠᠶᠢᠲᠤᠷ ᠭᠦᠢᠴᠡᠳᠬᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠲᠣᠭᠲᠠᠴᠠ ᠶᠢ ᠪᠦᠷᠢᠨᠰᠢᠭᠦᠯᠵᠦ᠂ ᠬᠠᠯᠳᠠᠨ ᠣᠷᠣᠬᠤ ᠶᠢ ᠰᠡᠷᠭᠡᠶᠢᠯᠡᠵᠦ᠂ ᠬᠤᠯᠠᠭᠠᠶᠢᠯᠠᠨ ᠠᠪᠬᠤ ᠶᠢ ᠰᠡᠷᠭᠡᠶᠢᠯᠡᠵᠦ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠵᠦ᠂ | ᠳ᠋ᠠᠶᠢᠲ᠋ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ | |