ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠭᠤᠣᠯᠳᠠᠯᠭ᠎ᠠ ᠲᠠᠢ ᠲᠥᠷᠥᠯ ᠵᠦᠢᠯ ᠳᠤ ︽ᠬᠤᠷᠳᠤᠳᠬᠠᠬᠤ ᠳᠠᠷᠤᠪᠴᠢ︾ ᠶᠢ ᠳᠠᠷᠤᠪᠠ
ᠨᠡᠶᠢᠲᠡᠯᠡᠭᠰᠡᠨ ᠴᠠᠭ᠄
2025/5/9
  ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠬᠦᠴᠦᠷᠬᠡᠭ ᠬᠥᠳᠡᠯᠭᠡᠭᠦᠷ︾ ᠮᠥᠨ᠂ 2025 ᠣᠨ ᠠᠴᠠ ᠨᠠᠭᠠᠰᠢ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠳ᠋ᠦᠩᠱᠧᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃  ᠲᠤᠰᠬᠠᠢ ᠠᠩᠭᠢ ᠠᠶᠠᠯᠠᠯ ᠢ ᠬᠥᠲᠥᠯᠦᠨ ᠵᠢᠯᠣᠭᠤᠳᠴᠤ ᠪᠠᠶᠢᠴᠠᠭᠠᠨ ᠰᠤᠳᠤᠯᠤᠯᠲᠠ ᠶᠢᠨ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠴᠢᠩᠭ᠎ᠠ ᠠᠳᠬᠤᠪᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠭᠠᠵᠠᠷ ᠰᠢᠷᠣᠶ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢ ᠬᠢᠨᠠᠨ ᠬᠠᠮᠢᠶᠠᠷᠬᠤ ᠵᠡᠷᠭᠡ ᠬᠦᠷᠢᠶᠡᠨ ᠳᠠᠬᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢᠶᠠᠷ ᠲᠤᠰᠬᠠᠶ ᠪᠠᠶᠢᠴᠠᠭᠠᠨ ᠰᠤᠳᠤᠯᠬᠤ ᠪᠦᠯᠬᠦᠮ ᠪᠠᠶᠢᠭᠤᠯᠵᠤ᠂ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ 19 ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠶᠢᠨ ᠭᠠᠵᠠᠷ ᠲᠤᠨᠢ ᠬᠠᠶᠢᠨ ᠰᠢᠨᠵᠢᠯᠡᠬᠦ ᠶᠢ ᠥᠷᠨᠢᠭᠦᠯᠵᠦ᠂ ᠪᠠᠶᠢᠴᠠᠭᠠᠨ ᠰᠤᠳᠤᠯᠬᠤ ᠠᠵᠢᠯ ᠤᠨ ︽ᠬᠠᠷᠠᠯᠲᠠ ᠲᠠᠢ ᠪᠠᠷ ᠬᠦᠴᠦᠯᠡᠬᠦ︾ ᠶᠢ ᠦᠨᠡᠨ ᠬᠦ ᠪᠠᠲᠤᠯᠠᠪᠠ᠃  ᠨᠢᠭᠡᠳᠦᠭᠡᠷ ᠹᠷᠣᠨᠲ ᠲᠤ ᠮᠥᠰᠥ ᠬᠠᠭᠠᠯᠵᠤ᠂ ᠨᠠᠷᠢᠯᠢᠭ ᠣᠨᠣᠴᠠᠲᠠᠢ ᠦᠢᠯᠡᠴᠢᠯᠡᠭᠡᠨ ᠤ ᠪᠣᠭᠤᠳᠠᠯ ᠵᠠᠬᠢᠶᠠᠯᠠᠪᠠ᠃ ︽ᠪᠦᠬᠦᠯᠢ ᠡᠳᠦᠷ ᠢᠶᠠᠷ ᠴᠤᠤᠷᠢᠶᠠᠲᠤᠨ ᠳᠠᠭᠠᠬᠤ︾ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠵᠢᠷᠤᠭ ᠤᠨ ᠬᠠᠮᠲᠤᠷᠠᠭᠰᠠᠨ ᠬᠢᠨᠠᠯᠲᠠ᠂ ᠭᠦᠢᠴᠡᠳᠬᠡᠬᠦ ᠲᠤᠭ᠎ᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ︽ᠨᠢᠭᠡᠳ ᠨᠢᠭᠡ ᠪᠠᠷ ᠳᠠᠭᠠᠭᠠᠨ ᠠᠪᠬᠤ︾ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠥᠷᠨᠢᠭᠦᠯᠵᠦ᠂ ᠰᠢᠢᠳᠪᠦᠷᠢᠯᠡᠬᠦ ᠠᠷᠭ᠎ᠠ ᠵᠠᠮ ᠪᠣᠯᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠲᠦᠷᠦᠯ ᠵᠦᠢᠯ ᠤᠨ ᠬᠦᠴᠢᠷ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠲᠤᠰᠬᠠᠶᠢᠵᠢᠭᠰᠠᠨ ᠰᠢᠢᠳᠪᠦᠷᠢᠯᠡᠬᠦ ᠲᠥᠰᠦᠯ ᠢ ᠳᠤᠷᠠᠳᠴᠠᠢ᠃  ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠥᠷᠥᠯ ᠵᠦᠢᠯ ᠤᠨ ︽ᠬᠤᠷᠳᠤᠴᠠ ᠪᠠᠨ ᠲᠦᠷᠭᠡᠳᠬᠡᠬᠦ︾ ᠳᠤ ᠬᠦᠴᠦᠨ ᠨᠡᠮᠡᠷᠢᠯᠡᠪᠡ᠃ ︽ᠲᠤᠬᠠᠶ ᠶᠢᠨ ᠲᠠᠯᠠᠪᠤᠷ ᠲᠤ ᠵᠥᠪᠳᠡᠯᠴᠡᠬᠦ — ᠴᠠᠭ ᠬᠢᠵᠠᠭᠠᠷᠯᠠᠨ ᠭᠦᠢᠴᠡᠳᠭᠡᠬᠦ — ᠮᠥᠷᠳᠡᠨ ᠬᠠᠷᠢᠭᠤ ᠲᠤᠰᠬᠠᠬᠤ︾ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠬᠠᠮᠲᠤᠷᠠᠨ ᠠᠵᠢᠯᠯᠠᠬᠤ᠂ ᠳ᠋ᠡᠶᠢᠲ᠋ᠠ ᠶᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠂ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠬᠤ ᠶᠢ ᠪᠠᠲᠤᠯᠠᠪᠠ᠃  ᠳᠠᠷᠠᠭᠠᠴᠢ ᠶᠢᠨ ᠠᠯᠬᠤᠮ ᠳᠤ᠂ ᠳ᠋ᠦᠩ ᠱᠧᠩ ᠲᠣᠭᠤᠷᠢᠭ ᠤᠨ ᠬᠤᠪᠢᠶᠠᠷᠢ ᠲᠤᠪᠴᠢᠶ᠎ᠠ ᠦᠢᠯᠡᠴᠢᠯᠡᠭᠡᠨ ᠤ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠦᠶᠡᠯᠡᠯ ᠤᠨ ᠬᠤᠭᠤᠴᠠᠭᠠᠨ ᠤ ᠤᠨᠢᠨ ᠳᠡᠭᠡᠷ᠎ᠡ ᠨᠢ ᠦᠢᠯᠡᠴᠢᠯᠡᠭᠡ ᠬᠠᠩᠭᠠᠵᠤ᠂ ᠤᠯᠠᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ 
ᠢᠷᠡᠯᠲᠡ᠄ ᠤᠷᠳᠤᠰ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ