ᠡᠨᠡ ᠵᠢᠯ ᠠᠴᠠ ᠨᠠᠭᠠᠰᠢ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ | ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠭᠤᠤᠯᠳᠠᠯᠭ᠎ᠠ ᠲᠠᠢ | ᠲᠥᠷᠥᠯ ᠵᠦᠢᠯ ᠢ ︽ᠬᠤᠷᠳᠤᠳᠬᠠᠨ ᠬᠦᠶᠦᠬᠦ︾ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠪᠡ᠃ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃ ᠲᠥᠯᠥᠪᠵᠢᠭᠦᠯᠭᠡ ᠶᠢ ᠲᠣᠬᠢᠷᠠᠭᠤᠯᠬᠤ᠂ ᠭᠠᠵᠠᠷ | ᠰᠢᠷᠣᠶ ᠶᠢ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠵᠠᠷ ᠰᠢᠷᠣᠶ ᠶᠢ ᠬᠠᠩᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠬᠦᠴᠢᠷ ᠲᠦᠪᠡᠭᠲᠡᠶ ᠠᠰᠠᠭᠤᠳᠠᠯ ᠢ ᠰᠤᠳᠤᠯᠵᠤ᠂ ᠬᠠᠷᠢᠭᠤᠴᠠᠯᠭ᠎ᠠ ᠶᠢ | ᠬᠥᠮᠦᠨ ᠳᠤᠨᠢ ᠨᠠᠶᠢᠳᠠᠪᠤᠷᠢᠵᠢᠭᠤᠯᠬᠤ᠂ ᠡᠭᠦᠷᠭᠡ ᠶᠢ ᠠᠵᠢᠯ ᠤᠨ ᠪᠠᠶᠢᠷᠢ ᠳᠤ ᠬᠦᠷᠭᠡᠬᠦ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠴᠤᠪᠤᠷᠠᠯ ᠢ ᠰᠢᠯᠢᠳᠡᠭᠵᠢᠭᠦᠯᠵᠦ᠂ ᠴᠠᠭ ᠤᠨ ᠬᠢᠵᠠᠭᠠᠷ ᠢ ᠪᠣᠭᠤᠨᠢᠰᠬᠠᠪᠠ᠃ ︽ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾᠂ ︽ | ᠨᠡᠶᠢᠯᠡᠭᠦᠯᠦᠨ ᠬᠢᠨᠠᠨ ᠵᠥᠪᠰᠢᠶᠡᠷᠡᠬᠦ︾ ᠵᠡᠷᠭᠡ ᠲᠦᠷᠢᠮ ᠢ ᠬᠡᠷᠡᠭᠵᠢᠭᠦᠯᠵᠦ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ | ᠪᠢᠴᠢᠭ ᠢ ᠨᠡᠶᠢᠯᠡᠭᠦᠯᠦᠨ ᠭᠦᠢᠴᠡᠳᠭᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠦᠲᠦᠮᠵᠢᠲᠡᠶ ᠪᠣᠭᠤᠨᠢᠰᠬᠠᠪᠠ᠃ ᠤᠷᠢᠳᠴᠢᠯᠠᠨ ᠣᠷᠣᠯᠴᠠᠵᠤ᠂ ᠨᠠᠷᠢᠯᠢᠭ | ᠣᠨᠣᠴᠠᠲᠠᠶ ᠪᠠᠷ ᠦᠢᠯᠡᠴᠢᠯᠡᠨ᠎ᠡ᠃ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠳᠤ ᠤᠷᠢᠳᠴᠢᠯᠠᠨ ᠣᠷᠣᠯᠴᠠᠵᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠲᠥᠷᠥᠯ | ᠵᠦᠢᠯ ᠳᠤ ᠨᠢᠭᠡᠳ ᠨᠢᠭᠡ ᠪᠠᠷ ᠳᠠᠭᠠᠭᠠᠨ ᠠᠪᠬᠤ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠭᠠᠵᠠᠷ ᠰᠣᠩᠭᠤᠬᠤ ᠲᠥᠰᠦᠯ ᠢ ᠵᠢᠯᠣᠭᠤᠳᠤᠨ ᠰᠢᠯᠢᠳᠡᠭᠵᠢᠭᠦᠯᠬᠦ ᠶᠢᠨ ᠬᠠᠮᠲᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ | ᠪᠠ ᠦᠷ᠎ᠡ ᠪᠦᠲᠦᠮᠵᠢ ᠪᠠᠷ ᠳᠣᠤᠷ᠎ᠠ ᠦᠯᠡᠳᠡᠭᠡᠯ ᠭᠠᠵᠠᠷ ᠰᠢᠷᠣᠶ ᠶᠢ ᠤᠷᠢᠳᠠᠪᠠᠷ ᠬᠡᠷᠡᠭᠯᠡᠵᠦ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ | ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠪᠠ᠃ | 2025 ᠣᠨ ᠳᠤ᠂ ᠪᠥᠬᠦ ᠬᠤᠰᠢᠭᠤᠨ ᠳᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤᠨ ᠤ ᠭᠤᠤᠯᠳᠠᠯᠭ᠎ᠠ ᠲᠠᠢ 55 ᠲᠥᠷᠥᠯ ᠵᠦᠢᠯ ︵ | ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠪᠠ ᠬᠤᠲᠠ ᠶᠢᠨ ᠲᠣᠰ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠬᠠᠷᠢᠯᠴᠠᠨ ᠪᠠᠭᠲᠠᠨ᠎ᠠ︶ ᠲᠤ | ᠬᠤᠯᠪᠣᠭᠳᠠᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ 20 ᠪᠣᠶ᠃ ᠣᠳᠣᠬᠠᠨ ᠳᠤ᠂ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ | ᠲᠥᠯᠥᠪᠵᠢᠭᠦᠯᠭᠡ ᠶᠢᠨ ᠭᠠᠵᠠᠷ ᠰᠣᠩᠭᠤᠬᠤ ᠰᠠᠨᠠᠯ ᠤᠨ ᠪᠢᠴᠢᠭ 20᠂ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠴᠢᠬᠤᠯᠠ ᠦᠭᠡᠢ ᠪᠠ ᠲᠥᠯᠥᠪᠵᠢᠭᠦᠯᠭᠡ ᠶᠢᠨ | ᠭᠠᠵᠠᠷ ᠰᠣᠩᠭᠤᠬᠤ ᠰᠠᠨᠠᠯ ᠤᠨ ᠪᠢᠴᠢᠭ 35 ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠪᠡ︔ ᠰᠢᠨ᠎ᠡ ᠪᠠᠷ ᠨᠡᠮᠡᠭᠳᠡᠭᠰᠡᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠢᠨᠠᠨ ᠵᠥᠪᠰᠢᠶᠡᠷᠡᠯ ᠢ 20 ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠬᠢᠨᠠᠨ ᠵᠥᠪᠰᠢᠶᠡᠷᠡᠯ 14᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ | ᠬᠢᠨᠠᠨ ᠵᠥᠪᠰᠢᠶᠡᠷᠡᠯ 12 ᠪᠣᠶ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠬᠡᠷᠡᠭᠯᠡᠬᠦ ᠶᠢ ᠪᠠᠲᠤᠯᠠᠬᠤ ᠠᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠪᠥᠬᠦ ᠬᠤᠰᠢᠭᠤᠨ ᠤ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠨᠠᠩ ᠪᠠᠲᠤ ᠪᠠᠬᠢ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠨ᠎ᠠ᠃ | |