ᠣᠶᠢᠷ᠎ᠠ ᠶᠢᠨ ᠵᠢᠯ ᠳᠤ᠂ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠪᠠᠯᠠ ᠣᠷᠣᠭᠤᠯᠤᠯᠲᠠ ᠶᠢ ᠬᠢᠨᠠᠨ ᠵᠥᠪᠰᠢᠶᠡᠷᠡᠬᠦ | ᠶᠠᠪᠤᠴᠠ ᠶᠢ ᠳᠥᠭᠦᠮᠴᠢᠯᠡᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠭᠠᠵᠠᠷ ᠣᠷᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠭᠡᠪᠡ᠃ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠬᠡᠰᠡᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ ᠰᠢᠯᠢᠳᠡᠭᠵᠢᠭᠦᠯᠵᠦ᠂ 3 ᠵᠦᠢᠯ ᠤᠨ ᠥᠨᠳᠥᠷ ᠳᠠᠪᠲᠠᠮᠵᠢᠲᠤ | ᠦᠢᠯᠡᠴᠢᠯᠡᠭᠡᠨ ᠤ ᠵᠦᠢᠯᠡᠰ ᠢ 2 ᠠᠵᠢᠯᠯᠠᠬᠤ ᠡᠳᠦᠷ ᠪᠣᠭᠤᠨᠢᠰᠬᠠᠵᠤ᠂ 2 ᠵᠦᠢᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠪᠠ︔ 3 ᠵᠦᠢᠯ ᠤᠨ | ᠥᠨᠳᠥᠷ ᠳᠠᠪᠲᠠᠮᠵᠢᠲᠤ ᠪᠤᠰᠤ ᠦᠢᠯᠡᠴᠢᠯᠡᠭᠡᠨ ᠤ ᠵᠦᠢᠯᠡᠰ ᠢ 6 ᠠᠵᠢᠯᠯᠠᠬᠤ ᠡᠳᠦᠷ ᠪᠣᠭᠤᠨᠢᠰᠬᠠᠵᠤ᠂ 7 ᠵᠦᠢᠯ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ | ᠴᠣᠮᠬᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠦᠶᠡᠯᠡᠯ ᠤᠨ ᠬᠤᠭᠤᠴᠠᠭ᠎ᠠ ᠶᠢ ᠪᠦᠲᠦᠮᠵᠢᠲᠡᠶ ᠪᠣᠭᠤᠨᠢᠰᠬᠠᠵᠤ᠂ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠡᠭᠦᠳᠴᠦ ᠥᠭᠪᠡ᠃ ᠡᠭᠦᠨ ᠤ ᠬᠠᠮᠲᠤ᠂ ᠬᠥᠭᠰᠢᠨ ᠪᠠᠭᠤᠷᠠᠶ | ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠬᠥᠮᠦᠰ ᠲᠤ ᠬᠡᠷ ᠲᠤᠨᠢ ᠬᠦᠷᠴᠦ ᠦᠢᠯᠡᠴᠢᠯᠡᠬᠦ᠂ ᠴᠠᠭ ᠢ ᠤᠷᠲᠤᠳᠬᠠᠬᠤ ᠦᠢᠯᠡᠴᠢᠯᠡᠭᠡ ᠵᠢᠴᠢ ᠰᠠᠭᠠᠳ ᠥᠬᠡᠶ | ᠨᠡᠪᠲᠡᠷᠡᠬᠦ ᠵᠠᠮ ᠨᠡᠭᠡᠭᠡᠬᠦ ᠵᠡᠷᠭᠡ ᠶᠢ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠢ ᠵᠢᠵᠢᠭ ᠲᠣᠭᠤᠷᠢᠭ᠂ ᠦᠢᠯᠡᠴᠢᠯᠡᠭᠡ ᠶᠢ ᠬᠡᠷ ᠤᠨ | ᠡᠭᠦᠳᠡᠨ ᠳᠤ ᠬᠦᠷᠲᠡᠯ᠎ᠡ ᠤᠷᠲᠤᠳᠬᠠᠵᠤ᠂ ︽ᠬᠡᠷ ᠤᠨ ᠡᠭᠦᠳᠡᠨ ᠳᠤ ᠦᠨᠡᠮᠯᠡᠯ ᠭᠦᠢᠴᠡᠳᠭᠡᠬᠦ︾᠂ ︽ᠵᠠᠶ ᠥᠬᠡᠶ ᠦᠢᠯᠡᠴᠢᠯᠡᠭᠡ︾ ᠶᠢ ᠪᠡᠶᠡᠯᠡᠭᠦᠯᠪᠡ᠃ | ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠪᠠ᠃ ︽ᠣᠷᠣᠨ ᠪᠦᠰᠡ ᠶᠢᠨ ᠦᠨᠡᠯᠡᠨ ᠵᠢᠱᠢᠯᠲᠡ + | ᠭᠠᠵᠠᠷ ᠬᠡᠷᠡᠭᠯᠡᠬᠦ ᠨᠠᠷᠢᠨ ᠬᠠᠭᠤᠳᠠᠰᠤ + ᠪᠠᠷᠢᠮᠵᠢᠶᠠᠲᠤ ᠭᠠᠵᠠᠷ︾ ᠤᠨ ᠭᠠᠵᠠᠷ ᠬᠡᠷᠡᠭᠯᠡᠬᠦ ᠵᠠᠭᠪᠤᠷ ᠢ ᠶᠡᠬᠡᠪᠡᠷ ᠬᠡᠷᠡᠭᠵᠢᠭᠦᠯᠵᠦ᠂ ᠡᠯ᠎ᠡ ᠲᠥᠷᠥᠯ ᠤᠨ ᠨᠡᠭᠡᠭᠡᠯᠲᠡ ᠶᠢᠨ | ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠳᠤ ︽ᠪᠠᠷᠢᠮᠵᠢᠶᠠᠲᠤ ᠭᠠᠵᠠᠷ︾ ᠤᠨ ᠭᠠᠵᠠᠷ ᠬᠠᠩᠭᠠᠬᠤ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠥᠭᠡᠷᠡᠴᠢᠯᠡᠯᠲᠡ ᠬᠢᠭᠰᠡᠨ ᠤ ᠳᠠᠷᠠᠭᠠᠬᠢ ᠭᠠᠵᠠᠷ ᠬᠡᠷᠡᠭᠯᠡᠬᠦ ᠶᠠᠪᠤᠴᠠ ᠨᠢ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠡᠷᠡᠭᠯᠡᠭᠡᠨ ᠤ ᠣᠷᠣᠨ ᠪᠦᠰᠡ ᠶᠢ | ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠴᠢᠳᠠᠬᠤ ᠪᠠᠷ ᠪᠠᠷᠠᠬᠤ ᠥᠬᠡᠶ᠂ ᠠᠵᠤ ᠠᠬᠤᠶᠢᠯᠠᠯ ᠤᠨ ᠴᠠᠭ ᠤᠨ ᠥᠪᠡᠷ ᠤᠨ ᠥᠷᠲᠡᠭ ᠢ ᠠᠷᠪᠢᠯᠠᠵᠤ | ᠴᠢᠳᠠᠬᠤ ᠪᠠᠷ ᠪᠠᠷᠠᠬᠤ ᠥᠬᠡᠶ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠶᠢ | ᠳᠤᠮᠳᠠᠴᠢ ᠪᠠᠷ 30% ᠠᠴᠠ ᠳᠡᠭᠡᠭᠰᠢ ᠪᠣᠭᠤᠨᠢᠰᠬᠠᠵᠤ᠂ ᠪᠠᠯᠠ ᠮᠥᠩᠭᠦ ᠶᠢᠨ ᠡᠷᠭᠢᠯᠲᠡ ᠶᠢ ᠲᠦᠷᠭᠡᠳᠬᠡᠨ᠂ ᠲᠥᠷᠥᠯ ᠵᠦᠢᠯ ᠤᠨ ᠠᠵᠤ ᠠᠬᠤᠶ ᠶᠢᠨ ᠦᠷ᠎ᠡ | ᠠᠰᠢᠭ ᠢ ᠳᠡᠭᠡᠭᠰᠢᠯᠡᠭᠦᠯᠪᠡ᠃ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠥᠷ ᠮᠣᠩᠭᠤᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ᠮᠥᠩᠬᠡ ᠰᠤᠪᠠᠭ ᠵᠡᠷᠭᠡ ᠵᠠᠰᠠᠭ ᠤᠨ ᠶᠠᠪᠤᠳᠠᠯ ᠤᠨ ᠲᠠᠪᠴᠠᠩ ᠳᠤ ᠲᠦᠰᠢᠭᠯᠡᠨ ᠪᠠᠶᠢᠭᠠᠯᠢ ᠶᠢᠨ ᠡᠬᠢ ᠪᠠᠶᠠᠯᠢᠭ ᠤᠨ ᠪᠣᠶ | ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ | ᠬᠡᠷ ᠠᠴᠠ ᠪᠠᠨ ᠭᠠᠷᠬᠤ ᠥᠬᠡᠶ ᠪᠠᠷ ᠺᠣᠮᠫᠢᠦ᠋ᠲ᠋ᠧᠷ᠂ ᠭᠠᠷ ᠤᠲᠠᠰᠤ ᠪᠠᠷ ᠭᠤᠶᠤᠴᠢᠯᠠᠨ ᠰᠢᠢᠳᠪᠦᠷᠢᠯᠡᠵᠦ ᠪᠣᠯᠤᠨ᠎ᠠ᠃ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠤᠯᠪᠣᠭᠠᠯᠠᠨ ᠬᠢᠨᠠᠨ ᠵᠥᠪᠰᠢᠶᠡᠷᠡᠬᠦ ᠲᠠᠪᠴᠠᠩ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠨᠢᠭᠡ | ᠴᠤᠭᠴᠠᠵᠢᠭᠤᠯᠬᠤ ᠲᠠᠪᠴᠠᠩ ᠵᠡᠷᠭᠡ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠨ᠂ ᠬᠡᠰᠡᠭ ᠬᠢᠨᠠᠨ ᠵᠥᠪᠰᠢᠶᠡᠷᠡᠬᠦ ᠵᠦᠢᠯᠡᠰ ᠢ ᠪᠥᠬᠦ ᠣᠷᠣᠨ ᠳᠤ ᠨᠡᠶᠢᠳᠡᠮ | ᠭᠦᠢᠴᠡᠳᠬᠡᠬᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠬᠠᠷᠠᠭᠠᠨ ᠳᠠᠪᠲᠠᠮᠵᠢ ᠶᠢᠨ ᠭᠡᠷᠡᠴᠢᠯᠡᠯ ᠤᠨ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠵᠦ᠂ ᠬᠡᠰᠡᠭ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠲᠤᠬᠠᠶᠢᠯᠠᠭᠰᠠᠨ ᠠᠵᠢᠯ ᠢ ᠪᠥᠬᠦ ᠬᠤᠲᠠ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠵᠦ᠂ ︽ᠣᠯᠠᠨ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠪᠥᠬᠦ | ᠬᠤᠲᠠ ᠳᠤ ᠨᠡᠶᠢᠳᠡᠮ ᠭᠦᠢᠴᠡᠳᠭᠡᠬᠦ᠂ ᠲᠤᠭ᠎ᠠ ᠪᠠᠷᠢᠮᠲᠠ ᠪᠠᠷ ᠭᠦᠶᠦᠬᠦ᠂ ᠬᠠᠷᠢᠶ᠎ᠠ ᠭᠠᠵᠠᠷ ᠲᠤ ᠬᠢᠨᠠᠨ ᠵᠥᠪᠰᠢᠶᠡᠷᠡᠬᠦ᠂ ᠦᠨᠡᠮᠯᠡᠯ ᠤᠨ ᠲᠦᠷᠭᠡᠨ ᠬᠦᠷᠭᠡᠯᠲᠡ︾ ᠶᠢᠨ | ᠬᠡᠯᠪᠡᠷᠢ ᠪᠠᠷ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ︽ᠣᠶᠢᠷ᠎ᠠ ᠬᠠᠪᠢ ᠳᠤᠨᠢ ᠭᠦᠢᠴᠡᠳᠭᠡᠬᠦ᠂ ᠲᠥᠬᠦᠮ ᠦᠵᠡᠭᠦᠯᠬᠦ︾ ᠶᠢ ᠪᠡᠶᠡᠯᠡᠭᠦᠯᠪᠡ᠃ | ᠪᠣᠯᠪᠠᠰᠤᠷᠠᠯ ᠤᠨ ᠬᠢᠨᠡᠯᠳᠡ ᠬᠠᠮᠢᠶᠡᠷᠦᠯᠳᠡ ᠶᠢ ᠴᠢᠩᠭᠠᠳᠬᠠᠨ᠂ ᠴᠣᠪᠤᠷᠡᠯ ᠢ ᠴᠢᠩᠭ᠎ᠠ ᠵᠢᠷᠤᠮᠵᠢᠭᠤᠯᠪᠠ᠃ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠵᠥᠪᠰᠢᠶᠡᠷᠡᠬᠦ ᠬᠥᠮᠦᠰ ᠢ ᠵᠣᠬᠢᠶᠠᠨ ᠪᠠᠶᠢᠭᠤᠯᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠣᠷᠠᠯ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ᠂ | ᠬᠢᠨᠠᠨ ᠵᠥᠪᠰᠢᠶᠡᠷᠡᠬᠦ ᠶᠠᠪᠤᠴᠠ᠂ ᠡᠷᠬᠢᠯᠡᠭᠰᠡᠨ ᠠᠵᠢᠯ ᠤᠨ ᠶᠣᠰᠣ ᠮᠣᠷᠠᠯ ᠵᠡᠷᠭᠡ ᠠᠭᠤᠯᠭ᠎ᠠ ᠠᠴᠠ ᠭᠠᠷᠳᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠲᠣᠭᠲᠠᠭᠠᠯ ᠳᠤ ᠨᠡᠶᠢᠴᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ︽ᠪᠡᠶ᠎ᠡ ᠶᠢᠨ ᠭᠠᠳᠠᠨᠠᠬᠢ ᠣᠷᠴᠢᠯ︾ ᠪᠠ ︽ᠳᠠᠯᠳᠠ ᠬᠢᠨᠠᠨ ᠵᠥᠪᠰᠢᠶᠡᠷᠡᠯ︾ ᠲᠠᠢ | ᠬᠤᠯᠪᠣᠭᠳᠠᠭᠰᠠᠨ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠠᠵᠢᠯᠲᠠᠨ ᠤ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠬᠢᠨᠠᠨ ᠵᠥᠪᠰᠢᠶᠡᠷᠡᠬᠦ ᠴᠤᠪᠤᠷᠠᠯ᠂ ᠪᠠᠷᠢᠮᠵᠢᠶ᠎ᠠ ᠪᠠ ᠴᠠᠭ ᠤᠨ ᠬᠢᠵᠠᠭᠠᠷ ᠢ ᠢᠯᠡ | ᠪᠣᠯᠭᠠᠵᠤ᠂ ᠪᠣᠶ ᠪᠥᠬᠦᠶ ᠬᠢᠨᠠᠨ ᠵᠥᠪᠰᠢᠶᠡᠷᠡᠬᠦ ᠠᠵᠢᠯᠯᠠᠭ᠎ᠠ ᠶᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠠᠪᠴᠠᠩ ᠳᠡᠭᠡᠷ᠎ᠡ ᠶᠠᠪᠤᠭᠳᠠᠭᠤᠯᠬᠤ ᠶᠢ ᠦᠨᠡᠨ ᠬᠦ | ᠪᠠᠲᠤᠯᠠᠵᠤ᠂ ︽ᠪᠡᠶ᠎ᠡ ᠶᠢᠨ ᠭᠠᠳᠠᠨᠠᠬᠢ ᠣᠷᠴᠢᠯ︾ ᠪᠠ ︽ᠳᠠᠯᠳᠠ ᠬᠢᠨᠠᠨ ᠵᠥᠪᠰᠢᠶᠡᠷᠡᠬᠦ︾ ᠶᠢ ᠡᠷᠡᠰ ᠬᠤᠷᠢᠭᠯᠠᠪᠠ᠃ | ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ | |