ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠭᠤᠷᠪᠠᠨ ᠴᠢᠭᠯᠡᠯ ᠢᠶᠠᠷ ᠬᠦᠴᠦᠯᠡᠬᠦ︾ ᠠᠭᠤᠷᠬᠠᠢ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/6/3
  ᠡᠨᠡ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠦᠷᠢᠮ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠᠷ ᠰᠢᠪᠲᠤᠯᠤᠯᠲᠠ ᠪᠣᠯᠭᠠᠵᠤ᠂ ︽ᠬᠢᠨᠠᠨ ᠵᠦᠪᠰᠢᠶᠡᠷᠡᠬᠦ ᠥᠭᠡᠷᠡᠴᠢᠯᠡᠯᠲᠡ + ᠨᠠᠷᠢᠯᠢᠭ ᠣᠨᠣᠪᠴᠢᠲᠠᠢ ᠦᠢᠯᠡᠴᠢᠯᠡᠬᠦ + ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ︾ ᠭᠤᠷᠪᠠᠨ ᠴᠢᠭᠯᠡᠯ ᠢᠶᠠᠷ ᠬᠠᠮᠵᠢᠯᠴᠠᠨ ᠬᠦᠴᠦᠯᠡᠵᠦ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ ᠪᠠᠶᠢᠨ᠎ᠠ᠃  ᠳᠦᠷᠢᠮ ᠤᠨ ᠰᠢᠨ᠎ᠡ ᠡᠭᠦᠳᠦᠯᠲᠡ ᠭᠠᠵᠠᠷ ᠰᠢᠷᠣᠢ ᠬᠡᠷᠡᠭᠯᠡᠬᠦ ᠪᠣᠭᠤᠮᠲᠠ ᠶᠢ ᠡᠪᠳᠡᠪᠡ᠃ ︽ᠬᠡᠰᠢᠭᠲᠡᠨ ᠬᠤᠰᠢᠭᠤ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠲᠦᠷ ᠬᠡᠷᠡᠭᠵᠢᠭᠦᠯᠬᠦ ᠲᠣᠭᠲᠠᠭᠠᠯ︾ ᠢ ᠨᠡᠶᠢᠲᠡᠯᠡᠵᠦ᠂ ︽ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ + ᠵᠥᠪᠬᠡᠨ ᠰᠢᠯᠵᠢᠭᠦᠯᠦᠨ ᠬᠡᠷᠡᠭᠯᠡᠬᠦ᠂ ᠲᠠᠲᠠᠪᠤᠷᠢᠯᠠᠬᠤ ᠥᠬᠡᠶ︾ ᠵᠠᠭᠪᠤᠷ ᠢ ᠰᠢᠨ᠎ᠡ ᠪᠠᠷ ᠡᠭᠦᠳᠦᠨ ᠬᠡᠷᠡᠭᠯᠡᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠶᠢ 30% ᠪᠠᠷ ᠪᠣᠭᠤᠨᠢᠰᠬᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠥᠪᠡᠷ ᠤᠨ ᠥᠷᠲᠡᠭ ᠢ 5% ᠠᠴᠠ 20% ᠪᠠᠷ ᠪᠠᠭᠤᠷᠠᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠳ᠋ᠦᠩ ᠱᠧᠩ ᠠᠭᠤᠷᠬᠠᠢ ᠶᠢᠨ ᠦᠢᠯᠡᠰ᠂ ᠶᠢᠨ ᠶᠤᠸᠠᠨ ᠠᠭᠤᠷᠬᠠᠢ ᠶᠢᠨ ᠦᠢᠯᠡᠰ ᠬᠤᠶᠠᠷ ᠠᠵᠤ ᠠᠬᠤᠶᠢᠯᠠᠯ ᠨᠢᠭᠡᠨᠲᠡ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠠᠮᠵᠢᠯᠲᠠ ᠲᠠᠢ ᠣᠯᠵᠤ᠂ ᠪᠦᠬᠦ ᠣᠷᠣᠨ ᠤ ᠲᠦᠷᠦᠭᠦᠦ ᠪᠦᠯᠦᠭ ︽ᠬᠠᠮᠲᠤᠷᠠᠨ ᠡᠵᠡᠩᠨᠡᠵᠦ ᠬᠤᠪᠢ ᠣᠷᠣᠭᠤᠯᠬᠤ︾ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ ᠪᠣᠯᠪᠠ᠃  ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ᠃ ᠲᠤᠰᠬᠠᠶᠢᠵᠢᠭᠰᠠᠨ ︽ᠪᠥᠬᠦ ᠴᠤᠪᠤᠷᠠᠯ ᠤᠨ ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠨ ᠨᠡᠶᠢᠯᠡᠭᠦᠯᠦᠨ ᠬᠢᠨᠠᠨ ᠵᠥᠪᠰᠢᠶᠡᠷᠡᠬᠦ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠪᠠᠷ ᠳᠠᠮᠵᠢᠭᠤᠯᠤᠨ᠂ ᠪᠥᠬᠦ ᠬᠡᠯᠬᠢᠶ᠎ᠡ ᠶᠢᠨ ᠬᠠᠮᠵᠢᠯᠴᠠᠨ ᠬᠢᠨᠠᠨ ᠵᠥᠪᠰᠢᠶᠡᠷᠡᠬᠦ ᠵᠠᠭᠪᠤᠷ ᠢ ᠪᠠᠶᠢᠭᠤᠯᠤᠨ᠎ᠠ︔ ᠠᠭᠤᠷᠬᠠᠢ ᠶᠢᠨ ᠡᠷᠬᠡ ᠶᠢᠨ ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠵᠡᠷᠭᠡᠪᠡᠷ ᠴᠣᠮᠬᠠᠳᠬᠠᠵᠤ᠂ ᠲᠣᠭᠤᠷᠢᠭ — ᠬᠤᠲᠠ — ᠰᠢᠶᠠᠨ ᠭᠤᠷᠪᠠᠨ ᠱᠠᠲᠤᠨ ᠤ ᠡᠯᠧᠺᠲᠷᠣᠨ ᠬᠠᠮᠲᠤᠷᠠᠨ ᠬᠢᠨᠠᠬᠤ ᠲᠠᠪᠴᠠᠩ ᠳᠤ ᠲᠦᠰᠢᠭᠯᠡᠨ ᠨᠡᠶᠢᠯᠡᠭᠦᠯᠦᠨ ᠬᠠᠮᠲᠤᠷᠠᠨ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠶᠢ 65 ᠠᠵᠢᠯᠯᠠᠬᠤ ᠡᠳᠦᠷ ᠪᠠᠶᠢᠭᠰᠠᠨ ᠠᠴᠠ 31 ᠠᠵᠢᠯᠯᠠᠬᠤ ᠡᠳᠦᠷ ᠪᠣᠯᠭᠠᠨ ᠪᠠᠭᠠᠰᠬᠠᠬᠤ ᠶᠢ ᠪᠡᠶᠡᠯᠡᠭᠦᠯᠪᠡ᠃  ᠪᠣᠬᠢᠷᠲᠤᠯ ᠥᠬᠡᠢ ᠬᠡᠯᠪᠡᠷᠢ ᠪᠠᠨ ᠬᠤᠪᠢᠷᠠᠭᠤᠯᠵᠤ ᠠᠮᠢ ᠠᠬᠤᠢ ᠶᠢᠨ ᠬᠠᠯᠬᠠᠪᠴᠢ ᠶᠢ ᠪᠠᠲᠤ ᠪᠠᠶᠢᠭᠤᠯᠪᠠ᠃ ︽ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ︾ ᠵᠠᠷᠴᠢᠮ ᠢ ᠪᠠᠷᠢᠮᠳᠠᠯᠠᠨ᠎ᠠ᠄ ᠦᠢᠯᠡᠳᠪᠦᠷᠢᠯᠡᠵᠦ ᠪᠠᠶᠢᠭ᠎ᠠ ᠠᠭᠤᠷᠬᠠᠶ ᠳᠤ ᠲᠣᠨᠤᠭ ᠲᠥᠬᠦᠭᠡᠷᠦᠮᠵᠢ ᠶᠢ ᠳᠠᠬᠢᠨ ᠳᠠᠪᠲᠠᠨ ᠳᠡᠰ ᠳᠡᠪᠰᠢᠭᠦᠯᠬᠦ᠂ ᠭᠠᠳᠠᠭᠰᠢᠯᠠᠭᠤᠯᠤᠯᠲᠠ ᠶᠢᠨ ᠭᠦᠢᠴᠡᠳᠬᠡᠯ ᠲᠤᠭ᠎ᠠ ᠶᠢ ᠬᠠᠮᠢᠶᠠᠷᠤᠨ ᠡᠵᠡᠮᠳᠡᠬᠦ᠂ ᠨᠡᠭᠡᠭᠡᠨ ᠮᠠᠯᠲᠠᠬᠤ ᠤᠷ᠎ᠠ ᠮᠡᠷᠭᠡᠰᠢᠯ ᠢ ᠰᠢᠯᠢᠳᠡᠭᠵᠢᠭᠦᠯᠬᠦ ᠵᠡᠷᠭᠡ ᠥᠭᠡᠷᠡᠴᠢᠯᠡᠯᠲᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠣᠬᠢᠷᠲᠤᠯ ᠥᠬᠡᠶ ᠨᠡᠭᠡᠭᠡᠨ ᠮᠠᠯᠲᠠᠬᠤ ᠪᠠ ᠡᠨᠧᠷᠭᠢ ᠠᠷᠪᠢᠯᠠᠬᠤ ᠬᠡᠯᠪᠡᠷᠢ ᠶᠢᠨ ᠬᠥᠭᠵᠢᠯᠲᠡ ᠶᠢ ᠠᠬᠢᠭᠤᠯᠤᠨ᠎ᠠ︔ ᠰᠢᠨ᠎ᠡ ᠪᠠᠷ ᠪᠠᠶᠢᠭᠤᠯᠤᠭᠰᠠᠨ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠪᠥᠬᠦ ᠲᠠᠯ᠎ᠠ ᠪᠠᠷ ᠴᠢᠭᠯᠡᠭᠦᠯᠦᠨ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 1 ᠠᠴᠠ 2 ᠵᠢᠯ ᠤᠨ ᠳᠣᠲᠣᠷ᠎ᠠ ᠪᠣᠬᠢᠷᠲᠤᠯ ᠥᠬᠡᠶ ᠠᠭᠤᠷᠬᠠᠶ ᠶᠢᠨ ᠰᠢᠯᠭᠠᠨ ᠠᠪᠬᠤ ᠬᠠᠲᠠᠭᠤ ᠱᠠᠭᠠᠷᠳᠠᠯᠭ᠎ᠠ ᠶᠢ ᠪᠠᠲᠤᠯᠠᠵᠤ᠂ ︽ᠨᠢᠭᠡ ᠪᠦᠯᠦᠭ ᠢ ᠪᠥᠲᠥᠭᠡᠨ ᠪᠠᠶᠢᠭᠤᠯᠵᠤ᠂ ᠨᠢᠭᠡ ᠪᠦᠯᠦᠭ ᠢ ᠰᠢᠯᠭᠠᠨ ᠠᠪᠴᠤ᠂ ᠨᠢᠭᠡ ᠪᠦᠯᠦᠭ ᠢ ᠳᠡᠭᠡᠭᠰᠢᠯᠡᠭᠦᠯᠬᠦ︾ ᠱᠠᠲᠤᠯᠢᠭ ᠠᠬᠢᠭᠤᠯᠬᠤ ᠪᠠᠶᠢᠷᠢᠰᠢᠯ ᠢ ᠪᠦᠷᠢᠯᠳᠦᠭᠦᠯᠦᠨ᠎ᠡ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ 8 ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢᠨ ᠳᠤᠮᠳᠠ᠂ 3 ᠠᠭᠤᠷᠬᠠᠶ ᠨᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠦᠨᠡᠯᠡᠭᠳᠡᠵᠦ᠂ 4 ᠠᠭᠤᠷᠬᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠦᠨᠡᠯᠡᠭᠳᠡᠪᠡ᠃  ᠰᠢᠰᠲ᠋ᠧᠮ ᠤᠨ ᠴᠢᠨᠠᠷᠲᠠᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠬᠡᠰᠢᠭᠲᠡᠨ ᠬᠤᠰᠢᠭᠤ ᠨᠢᠭᠡᠨᠲᠡ ︽ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ — ᠡᠷᠴᠢᠮᠵᠢᠭᠦᠯᠦᠨ ᠨᠡᠭᠡᠭᠡᠨ ᠬᠥᠭᠵᠢᠭᠦᠯᠬᠦ — ᠪᠣᠬᠢᠷᠲᠤᠯ ᠥᠬᠡᠶ ᠦᠢᠯᠡᠳᠪᠦᠷᠢᠯᠡᠬᠦ︾ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠠᠮᠢ ᠠᠬᠤᠶ ᠶᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠬᠡᠰᠢᠭᠲᠡᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠭᠤᠷᠬᠠᠶ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠭᠤᠷᠬᠠᠶ ᠪᠠ ᠭᠠᠵᠠᠷ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠵᠡᠷᠭᠡ ᠪᠠᠷ ᠰᠦᠪᠡᠭᠴᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠠᠩ ᠣᠯᠠᠨ ︽ᠬᠡᠰᠢᠭᠲᠡᠨ ᠬᠤᠰᠢᠭᠤᠨ ᠤ ᠲᠤᠷᠰᠢᠯᠭ᠎ᠠ︾ ᠶᠢ ᠨᠡᠮᠡᠷᠢᠯᠡᠨ᠎ᠡ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ