ᠡᠨᠡ ᠵᠢᠯ ᠠᠴᠠ ᠨᠠᠭᠠᠰᠢ᠂ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠪᠠ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠩᠭᠤᠢ ᠨᠢᠭᠡᠳᠦᠯᠲᠡᠢ | ᠪᠠᠶᠢᠯᠭᠠᠬᠤ ᠶᠢᠨ ᠲᠥᠯᠥᠭᠡ᠂ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠬᠢᠲᠤᠭᠠᠨ ᠢᠷ ᠢ ᠳᠤᠲᠤᠭᠰᠢ ᠬᠠᠨᠳᠤᠭᠤᠯᠬᠤ︾ ᠥᠭᠡᠷᠡᠴᠢᠯᠡᠯᠲᠡ ᠶᠢᠨ ᠰᠥᠰᠥ ᠵᠣᠷᠢᠭ ᠪᠠ ︽ᠨᠠᠷᠢᠯᠢᠭ | ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠬᠦ︾ ᠰᠢᠨ᠎ᠡ ᠶᠢ ᠡᠭᠦᠳᠬᠦ ᠰᠡᠳᠭᠢᠬᠦᠢ ᠪᠠᠷ ᠯᠠᠪᠳᠠᠭᠤᠨ ᠪᠠᠲᠤᠲᠠᠢ ᠬᠢᠵᠦ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ | ᠪᠦᠲᠦᠭᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠬᠥᠳᠡᠯᠭᠡᠬᠦ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠪᠠᠶᠢᠷᠢᠯᠠᠭᠤᠯᠤᠯᠲᠠ ᠶᠢ ᠨᠢᠭᠡ | ᠬᠥᠯᠭᠡ ᠰᠢᠲᠠᠷ᠎ᠠ ᠮᠡᠲᠦ ᠪᠠᠶᠢᠯᠭᠠᠬᠤ ᠶᠢ ᠪᠡᠶᠡᠯᠡᠭᠦᠯᠵᠡᠢ᠃ | ︽ᠡᠬᠢ ᠰᠤᠷᠪᠤᠯᠵᠢ ᠶᠢ ᠨᠡᠭᠡᠭᠡᠬᠦ︾ ᠶᠢ ᠴᠢᠩᠭ᠎ᠠ ᠬᠢᠵᠠᠭᠠᠷᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠨᠠᠷᠢᠯᠢᠭ ᠣᠨᠣᠴᠠᠲᠠᠶ ᠪᠠᠷ ᠪᠠᠲᠤᠯᠠᠨ᠎ᠠ᠃ ︽ | 2025 ᠣᠨ ᠤ ᠭᠠᠵᠠᠷ ᠰᠢᠷᠣᠶ ᠠᠰᠢᠭᠯᠠᠬᠤ ᠲᠥᠯᠥᠪᠯᠡᠭᠡ ᠶᠢᠨ ᠬᠤᠪᠢᠶᠠᠷᠢᠯᠠᠯᠲᠠ ᠶᠢᠨ ᠪᠠᠲᠤᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ︽ᠲᠥᠷᠥᠯ | ᠵᠦᠢᠯ ᠤᠨ ᠨᠠᠷᠢᠨ ᠬᠠᠭᠤᠳᠠᠰᠤ + ᠰᠠᠭᠤᠷᠢ ᠭᠦᠢᠴᠡᠳᠬᠡᠯ ᠲᠤᠭ᠎ᠠ + ᠨᠡᠮᠡᠨ ᠬᠠᠳᠠᠭᠠᠯᠠᠬᠤ ᠶᠢ ᠬᠤᠯᠪᠣᠭᠳᠠᠭᠤᠯᠬᠤ︾ ᠬᠠᠮᠢᠶᠠᠷᠤᠯᠲᠠ ᠶᠢᠨ ᠵᠠᠭᠪᠤᠷ ᠢ ᠨᠠᠩ | ᠰᠢᠯᠢᠳᠡᠭᠵᠢᠭᠦᠯᠬᠦ ᠶᠢ ᠠᠬᠢᠭᠤᠯᠤᠨ᠎ᠠ᠃ ᠲᠥᠷᠥᠯ ᠵᠦᠢᠯ ᠢ ᠭᠦᠢᠴᠡᠳ ᠠᠰᠢᠭᠯᠠᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠬᠦ | ᠭᠠᠷᠳᠠᠮ ᠢ ᠭᠦᠢᠴᠡᠳᠬᠡᠬᠦ ᠰᠢᠵᠢᠷ ᠠᠯᠲᠠᠨ ᠬᠤᠭᠤᠴᠠᠭ᠎ᠠ ᠶᠢ ︽ᠤᠷᠢᠳᠠᠪᠠᠷ ᠵᠥᠪᠰᠢᠶᠡᠷᠡᠵᠦ ᠤᠷᠢᠳᠠᠪᠠᠷ ᠬᠡᠷᠡᠭᠯᠡᠬᠦ︾ ᠵᠠᠷᠴᠢᠮ ᠶᠣᠰᠣᠭᠠᠷ᠂ ᠬᠤᠲᠠ ᠶᠢᠨ ᠱᠠᠲᠤᠨ ᠤ | ᠭᠠᠵᠠᠷ ᠰᠢᠷᠣᠶ ᠠᠰᠢᠭᠯᠠᠬᠤ ᠲᠥᠯᠥᠪᠯᠡᠭᠡ ᠶᠢᠨ ᠭᠦᠢᠴᠡᠳᠬᠡᠬᠦ ᠲᠤᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ | ᠪᠠᠴᠢᠮ ᠬᠡᠷᠡᠭᠴᠡᠭᠡ ᠲᠠᠢ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠥᠪᠯᠡᠭᠡ ᠶᠢᠨ ᠭᠦᠢᠴᠡᠳᠬᠡᠬᠦ ᠲᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ | | ᠦᠷᠭᠦᠯᠵᠢᠯᠡᠨ ︽ᠳᠠᠯᠳᠠ ᠬᠦᠴᠦᠨ ᠢ ᠠᠭᠤᠳᠠᠯᠵᠤ︾᠂ ᠦᠯᠡᠳᠡᠭᠡᠯ ᠭᠠᠵᠠᠷ ᠰᠢᠷᠣᠶ ᠶᠢᠨ ᠡᠷᠭᠢᠯᠲᠡ ᠶᠢ ᠠᠬᠢᠭᠤᠯᠤᠨ᠎ᠠ᠃ ᠡᠨᠡ ᠵᠢᠯ ᠪᠣᠯ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠰᠤᠯᠠ ᠲᠠᠯᠪᠢᠭᠳᠠᠵᠤ | ᠪᠠᠶᠢᠬᠤ ᠭᠠᠵᠠᠷ ᠰᠢᠷᠤᠢ ᠶᠢᠨ ᠦᠨᠳᠦᠰᠦᠨ ᠪᠠᠶᠢᠳᠠᠯ ᠢ ᠦᠨᠳᠦᠰᠦᠨ ᠠᠴᠠ ᠨᠢ ᠵᠠᠰᠠᠬᠤ ᠡᠭᠦᠷᠭᠡ ᠶᠢ ᠶᠠᠭ ᠲᠦᠷᠭᠡᠨ ᠠᠬᠢᠭᠤᠯᠵᠤ ᠪᠠᠶᠢᠨ᠎ᠠ᠃ 2025 ᠣᠨ ᠳᠤ ︽ | ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠲᠦᠢᠯᠪᠤᠷᠢᠲᠠᠢ ᠪᠠᠶᠢᠴᠠᠭᠠᠬᠤ︾ ᠪᠠ ᠨᠡᠮᠡᠵᠦ | ᠦᠯᠡᠳᠡᠭᠡᠬᠦ ᠲᠠᠢ ᠬᠤᠯᠪᠣᠭᠳᠠᠭᠤᠯᠬᠤ ᠡᠭᠦᠷᠭᠡ ᠶᠢ ᠬᠤᠰᠢᠭᠤ ᠰᠢᠶᠠᠨ ᠲᠣᠭᠤᠷᠢᠭ ᠲᠤ ᠨᠢᠭᠡᠨᠲᠡ ᠬᠤᠪᠢᠶᠠᠷᠢᠯᠠᠵᠤ᠂ ᠰᠤᠯᠠ ᠪᠠᠶᠢᠬᠤ ᠭᠠᠵᠠᠷ ᠰᠢᠷᠣᠢ ᠶᠢ ᠳᠠᠬᠢᠨ | ᠰᠢᠯᠵᠢᠭᠦᠯᠦᠨ ᠬᠤᠳᠠᠯᠳᠤᠬᠤ᠂ ᠳᠠᠬᠢᠨ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠤᠨ᠂ ᠡᠬᠢ ᠪᠠᠶᠠᠯᠢᠭ ᠢ ᠳᠠᠬᠢᠨ ᠲᠣᠬᠢᠷᠠᠭᠤᠯᠬᠤ ᠶᠢ ᠪᠡᠶᠡᠯᠡᠭᠦᠯᠦᠨ᠎ᠡ᠃ | ︽ᠡᠷᠴᠢᠮᠵᠢᠬᠦᠯᠬᠦ︾ ᠶᠢ ᠴᠢᠩᠭ᠎ᠠ ᠠᠳᠬᠤᠵᠤ᠂ ᠳᠤᠤᠷ᠎ᠠ ᠦᠷ᠎ᠡ ᠠᠰᠢᠭ ᠢᠶᠠᠷ ᠳᠤᠤᠷ᠎ᠠ ᠭᠠᠵᠠᠷ ᠰᠢᠷᠤᠢ ᠶᠢ ᠨᠡᠭᠡᠭᠡᠨ ᠬᠦᠭᠵᠢᠬᠦᠯᠬᠦ ᠶᠢ ᠠᠬᠢᠭᠤᠯᠤᠨ᠎ᠠ᠃ | ᠳᠣᠣᠷ᠎ᠠ ᠠᠰᠢᠭᠯᠠᠮᠵᠢᠲᠤ ᠭᠠᠵᠠᠷ ᠰᠢᠷᠣᠶ ᠶᠢ ᠨᠡᠭᠡᠭᠡᠨ ᠠᠰᠢᠭᠯᠠᠬᠤ ᠠᠰᠠᠭᠤᠳᠠᠯ ᠤᠨ ᠲᠣᠭᠤᠷᠢᠨ ᠳᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠲᠠᠢ | ᠬᠤᠯᠪᠣᠭᠠᠯᠠᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠣᠤᠷ᠎ᠠ ᠠᠰᠢᠭᠯᠠᠮᠵᠢᠲᠤ ᠠᠵᠤ | ᠠᠬᠤᠶᠢᠯᠠᠯ ᠢ ᠠᠮᠢᠳᠤᠯᠢᠭ ᠪᠣᠯᠭᠠᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ | ᠰᠢᠷᠣᠶ ᠶᠢ ᠠᠮᠢᠳᠤᠯᠢᠭᠵᠢᠭᠤᠯᠤᠨ ᠠᠰᠢᠭᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ ᠳᠣᠤᠷ᠎ᠠ ᠠᠰᠢᠭᠯᠠᠮᠵᠢᠲᠤ ᠭᠠᠵᠠᠷ | ᠰᠢᠷᠣᠶ ᠶᠢᠨ ︽ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠠᠬᠢᠭᠤᠯᠵᠤ᠂ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ︽ᠨᠠᠷᠢᠯᠢᠭ ᠣᠨᠣᠴᠠᠲᠠᠶ ᠪᠠᠷ | ᠲᠣᠬᠢᠷᠠᠭᠤᠯᠬᠤ︾ ᠶᠢ ᠠᠬᠢᠭᠤᠯᠵᠤ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠶ | ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ ᠢ ᠪᠠᠬᠢᠵᠢᠭᠦᠯᠦᠨ᠎ᠡ᠃ | |