6 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠴᠠᠭ ᠠᠭᠤᠷ ᠤᠨ ᠲᠣᠪᠴᠢᠶ᠎ᠠ | ᠬᠠᠮᠲᠤᠷᠠᠨ ︽ᠭᠠᠵᠠᠷ ᠤᠨ ᠭᠠᠶ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ ᠲᠤᠬᠠᠶ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠵᠢᠯᠴᠠᠨ ᠬᠠᠮᠲᠤᠷᠠᠯᠴᠠᠬᠤ︾ ᠵᠠᠷᠴᠢᠮ ᠢ ᠪᠠᠷᠢᠮᠲᠠᠯᠠᠨ᠂ ᠭᠠᠵᠠᠷ ᠤᠨ ᠭᠠᠶ | ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ ᠢ | ᠬᠠᠮᠲᠤᠷᠠᠨ ᠥᠷᠨᠢᠭᠦᠯᠦᠨ᠎ᠡ᠃ ᠬᠤᠶᠠᠷ ᠲᠠᠯ᠎ᠠ ᠪᠠᠷ ᠢᠶᠠᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠴᠠᠭ | ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠮᠲᠤᠷᠠᠨ ᠥᠷᠨᠢᠭᠦᠯᠵᠦ᠂ ᠵᠥᠪᠳᠡᠯᠴᠡᠨ ᠰᠤᠳᠤᠯᠤᠨ ᠮᠠᠭᠠᠳᠯᠠᠬᠤ ᠪᠠ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠶᠢᠨ ᠬᠠᠮᠲᠤ ᠵᠢᠯ ᠪᠦᠷᠢ ᠶᠢᠨ ᠦᠶᠡᠷ ᠤᠨ ᠬᠤᠭᠤᠴᠠᠭᠠᠨ ᠤ ᠴᠠᠭ ᠳᠠᠷᠠᠭᠠᠯᠠᠨ ᠪᠣᠳᠠᠲᠤ ᠪᠠᠶᠢᠳᠠᠯ ᠤᠨ ᠬᠤᠷ᠎ᠠ ᠲᠣᠨᠣᠳᠠᠰᠤ᠂ | ᠳᠤᠮᠳᠠ ᠣᠷᠳᠣ ᠬᠤᠭᠤᠴᠠᠭᠠᠨ ᠤ ᠬᠤᠷ᠎ᠠ ᠲᠣᠨᠣᠳᠠᠰᠤ ᠶᠢ ᠤᠷᠢᠳᠴᠢᠯᠠᠨ ᠮᠡᠳᠡᠭᠡᠯᠡᠬᠦ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠳᠠᠯᠳᠠ ᠬᠡᠮ ᠢ ᠴᠠᠭ | ᠲᠤᠬᠠᠶ ᠳᠤᠨᠢ ᠬᠢᠨᠠᠨ ᠬᠡᠮᠵᠢᠬᠦ᠂ ᠭᠠᠵᠠᠷ ᠤᠨ ᠭᠠᠢ ᠭᠠᠮᠰᠢᠭ ᠤᠨ ᠲᠣᠭᠠᠨ ᠤ ᠡᠷᠭᠦᠭᠳᠡᠴᠡ ᠶᠢᠨ ᠵᠠᠭᠪᠤᠷ ᠵᠡᠷᠭᠡ ᠲᠤᠭ᠎ᠠ ᠪᠠᠷᠢᠮᠲᠠ᠂ ︽ᠡᠳᠦᠷ ᠤᠨ ᠰᠢᠨ᠎ᠡ ᠵᠢᠷᠤᠭ︾ | ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠪᠠ᠃ ᠭᠠᠵᠠᠷ ᠰᠢᠨᠵᠢᠯᠡᠭᠡᠨ ᠤ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠶᠢ ᠬᠠᠮᠲᠤᠪᠠᠷ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠬᠠᠮᠲᠤᠪᠠᠷ ᠥᠷᠨᠢᠭᠦᠯᠵᠦ᠂ ᠵᠥᠪᠳᠡᠯᠴᠡᠭᠰᠡᠨ ᠦᠷ᠎ᠡ ᠳ᠋ᠦᠩ ᠢ | ᠦᠨᠳᠦᠰᠦᠯᠡᠨ ᠭᠠᠵᠠᠷ ᠰᠢᠨᠵᠢᠯᠡᠭᠡᠨ ᠤ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠵᠦ᠂ | ᠰᠡᠷᠡᠮᠵᠢᠯᠡᠭᠦᠯᠬᠦ ᠣᠷᠣᠨ ᠪᠦᠰᠡ᠂ ᠵᠡᠷᠭᠡ ᠳᠡᠰ ᠪᠠ ᠰᠡᠷᠭᠡᠶᠢᠯᠡᠬᠦ ᠰᠠᠨᠠᠭᠤᠯᠭ᠎ᠠ ᠶᠢ ᠲᠣᠳᠣᠷᠬᠠᠶᠢᠯᠠᠨ᠎ᠠ᠃ ᠠᠭᠠᠷ — ᠣᠭᠲᠠᠷᠭᠤᠶ ᠭᠠᠵᠠᠷ ᠤᠨ ᠣᠯᠠᠨ ᠡᠬᠢᠲᠦ ᠬᠤᠷ᠎ᠠ | ᠲᠣᠨᠣᠳᠠᠰᠤ ᠶᠢᠨ ᠬᠢᠨᠠᠨ ᠰᠢᠨᠵᠢᠬᠦ ᠵᠢᠴᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠬᠦ ᠣᠷᠣᠨ | ᠪᠠ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠤ ᠬᠤᠷ᠎ᠠ ᠲᠣᠨᠣᠳᠠᠰᠤ ᠶᠢᠨ ᠤᠷᠢᠳᠴᠢᠯᠠᠨ ᠮᠡᠳᠡᠭᠡᠯᠡᠬᠦ ᠴᠠᠭ ᠬᠤᠭᠤᠴᠠᠭ᠎ᠠ ᠪᠠ ᠤᠷᠢᠳᠴᠢᠯᠠᠨ ᠮᠡᠳᠡᠭᠡᠯᠡᠬᠦ | ᠬᠤᠭᠤᠴᠠᠭ᠎ᠠ ᠶᠢ ᠰᠢᠯᠢᠳᠡᠭᠵᠢᠭᠦᠯᠦᠨ᠎ᠡ᠃ ᠴᠠᠭ ᠠᠭᠤᠷ ᠤᠨ ᠲᠤᠭ᠎ᠠ ᠪᠠᠷᠢᠮᠲᠠ ᠪᠠ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠬᠡᠮ ᠤᠨ ᠲᠠᠷᠬᠠᠯᠲᠠ ᠶᠢᠨ | ᠪᠠᠶᠢᠳᠠᠯ ᠲᠠᠢ ᠤᠶᠠᠯᠳᠤᠭᠤᠯᠤᠨ᠂ ᠭᠠᠵᠠᠷ ᠰᠢᠨᠵᠢᠯᠡᠭᠡᠨ ᠤ ᠭᠠᠮᠰᠢᠭ ᠡᠭᠦᠰᠬᠦ ᠪᠣᠯᠣᠯᠴᠠᠭᠠᠲᠤ ᠴᠢᠨᠠᠷ ᠪᠠ ᠲᠦᠭᠰᠢᠭᠦᠷᠢ ᠶᠢᠨ ᠵᠡᠷᠭᠡ ᠳᠡᠰ ᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠪᠠ ᠲᠠᠪᠴᠠᠩ ᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠣᠯᠤᠨ ᠴᠠᠭ ᠠᠭᠤᠷ ᠤᠨ ᠲᠣᠪᠴᠢᠶ᠎ᠠ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠣᠬᠤᠷ | ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ᠂ ᠳᠤᠮᠳᠠ ᠬᠤᠭᠤᠴᠠᠭᠠᠨ ᠤ ᠰᠡᠷᠭᠡᠶᠢᠯᠡᠯᠲᠡ ᠪᠠ ᠣᠷᠳᠣ ᠬᠤᠭᠤᠴᠠᠭᠠᠨ ᠤ ᠪᠠᠶᠢᠷᠢᠯᠠᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠳ᠋ᠦᠩᠨᠡᠵᠦ ᠦᠨᠡᠯᠡᠨ ᠵᠢᠱᠢᠬᠦ ᠪᠠ ᠦᠷ᠎ᠡ ᠳ᠋ᠦᠩ ᠢ ᠰᠢᠯᠭᠠᠨ ᠪᠠᠶᠢᠴᠠᠭᠠᠬᠤ᠂ ᠭᠠᠵᠠᠷ ᠤᠨ | ᠭᠠᠮᠰᠢᠭ ᠪᠠ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠠᠭᠤᠰᠤᠯᠴᠠᠭᠤᠯᠤᠨ ᠬᠡᠷᠡᠭᠯᠡᠬᠦ ᠰᠤᠳᠤᠯᠤᠯ᠂ | ᠲᠦᠢᠯ ᠤᠨ ᠴᠠᠭ ᠠᠭᠤᠷ ᠵᠢᠴᠢ ᠡᠪᠦᠯ ᠬᠠᠪᠤᠷ ᠤᠨ ᠬᠥᠯᠳᠡᠵᠦ ᠭᠡᠰᠬᠡᠬᠦ ᠬᠤᠭᠤᠴᠠᠭᠠᠨ ᠳᠠᠬᠢ ᠭᠠᠮᠰᠢᠭ ᠡᠭᠦᠰᠬᠦ ᠵᠢᠮ᠎ᠡ ᠶᠣᠰᠣᠨ ᠤ ᠰᠤᠳᠤᠯᠤᠯ᠂ ᠭᠠᠵᠠᠷ ᠤᠨ ᠭᠠᠶ | ᠭᠠᠮᠰᠢᠭ ᠤᠨ ᠪᠦᠲᠦᠭᠰᠡᠨ ᠰᠢᠯᠲᠠᠭᠠᠨ ᠢ ᠰᠤᠳᠤᠯᠬᠤ ᠵᠢᠴᠢ ᠳᠠᠭᠤᠷᠢᠶᠠᠬᠤ ᠲᠤᠷᠰᠢᠯᠲᠠ ᠶᠢ ᠬᠠᠮᠲᠤᠷᠠᠨ ᠥᠷᠨᠢᠭᠦᠯᠦᠨ᠎ᠡ᠃ ᠭᠠᠵᠠᠷ ᠤᠨ ᠭᠠᠢ ᠭᠠᠮᠰᠢᠭ ᠤᠨ ᠴᠠᠭ | ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ ᠤᠨ | ᠮᠡᠷᠭᠡᠵᠢᠯ ᠤᠨ ᠬᠡᠷᠡᠭᠯᠡᠯᠲᠡ᠂ ᠵᠣᠬᠢᠶᠠᠮᠠᠯ ᠣᠶᠤᠨ ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡᠨ ᠤ ᠰᠤᠳᠤᠯᠭᠠᠨ ᠢ ᠴᠢᠩᠭᠠᠳᠬᠠᠨ᠎ᠠ᠃ | ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠵᠤ᠂ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠨ᠂ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠪᠠᠶᠢᠳᠠᠯ ᠢ | ᠵᠠᠳᠠᠯᠬᠤ᠂ ᠠᠵᠢᠯ ᠤᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ | ᠠᠵᠢᠯ ᠤᠨ ᠲᠥᠯᠦᠪᠵᠢᠭᠦᠯᠭᠡ ᠳᠤ ᠣᠷᠣᠭᠤᠯᠵᠤ᠂ ᠬᠠᠮᠵᠢᠯᠴᠠᠨ ᠬᠥᠭᠵᠢᠬᠦ ᠶᠢ ᠴᠢᠩᠭᠠᠳᠬᠠᠨ᠎ᠠ᠃ | |