ᠡᠨᠡ ᠵᠢᠯ ᠠᠴᠠ ᠨᠠᠭᠠᠰᠢ᠂ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ︽ᠰᠢᠯᠭᠠᠯᠲᠠ ᠪᠠᠷ ᠬᠥᠳᠡᠯᠭᠡᠭᠦᠷ | ᠪᠣᠯᠭᠠᠬᠤ + ᠣᠶᠤᠨᠴᠢ ᠪᠠᠷ ᠡᠨᠧᠷᠭᠢ ᠣᠯᠭᠤᠬᠤ + ᠨᠠᠷᠠᠲᠤ ᠲᠡᠮᠳᠡᠭ ᠢᠶᠠᠷ ᠬᠥᠲᠥᠯᠦᠨ ᠳᠠᠭᠠᠭᠤᠯᠬᠤ︾ ᠭᠤᠷᠪᠠᠨ ᠲᠠᠯ᠎ᠠ ᠪᠠᠷ ᠬᠥᠮᠦᠵᠢᠭᠦᠯᠬᠦ ᠰᠢᠰᠲ᠋ᠧᠮ ᠢ | ᠰᠢᠨ᠎ᠡ ᠪᠠᠷ ᠪᠠᠶᠢᠭᠤᠯᠵᠤ᠂ ︽ᠰᠢᠯᠭᠠᠨ ᠰᠤᠷᠤᠯᠴᠠᠬᠤ ᠶᠢ ᠤᠶᠠᠯᠳᠤᠭᠤᠯᠬᠤ᠂ ᠰᠤᠷᠤᠯᠴᠠᠬᠤ ᠺᠠᠳ᠋ᠷ ᠢ ᠬᠠᠷᠢᠯᠴᠠᠨ ᠠᠬᠢᠭᠤᠯᠬᠤ︾ ᠰᠠᠶᠢᠨ ᠣᠷᠴᠢᠯ ᠢᠶᠠᠷ | ᠳᠠᠮᠵᠢᠭᠤᠯᠤᠨ᠂ ᠲᠤᠰᠬᠠᠶᠢᠵᠢᠭᠰᠠᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠩᠨᠡᠭᠡ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠪᠠᠶᠢᠭᠠᠯᠢ ᠶᠢᠨ | ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | ᠠᠵᠢᠯ ᠡᠷᠭᠢᠯᠡᠬᠦ ᠬᠢᠷᠢ ᠬᠡᠮ ᠤᠨ ᠭᠡᠷᠡᠴᠢᠯᠡᠭᠡ ᠪᠠᠷ ᠬᠥᠳᠡᠯᠭᠡᠭᠦᠷ ᠪᠣᠯᠭᠠᠭᠰᠠᠨ ᠲᠤᠰᠬᠠᠢ ᠮᠡᠷᠭᠡᠵᠢᠯ ᠢ ᠲᠠᠰ ᠳᠡᠪᠰᠢᠭᠦᠯᠦᠨ᠎ᠡ᠃ ᠳᠠᠩᠰᠠᠯᠠᠭᠤᠯᠤᠭᠰᠠᠨ | ᠣᠷᠣᠯᠠᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠴᠢᠳᠠᠪᠤᠷᠢ ᠶᠢᠨ ᠪᠠᠶᠢᠭᠤᠯᠤᠯᠲᠠ ᠶᠢᠨ ᠶᠡᠷᠦᠩᠬᠡᠶ ᠭᠠᠷᠳᠠᠴᠠ ᠪᠣᠯᠭᠠᠵᠤ᠂ ︽ᠪᠥᠬᠦ ᠠᠵᠢᠯᠲᠠᠨ | ᠯᠠᠪᠯᠠᠯᠲᠠ + ᠨᠠᠷᠢᠯᠢᠭ ᠣᠨᠣᠴᠠᠲᠠᠶ ᠪᠠᠷ ᠪᠤᠶᠢᠵᠢᠭᠤᠯᠬᠤ︾ ᠲᠣᠭᠲᠠᠴᠠ ᠶᠢ ᠪᠠᠶᠢᠭᠤᠯᠤᠨ᠎ᠠ᠃ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠣᠮᠣ | ᠵᠠᠭᠪᠤᠷ ᠤᠨ ᠪᠣᠯᠪᠠᠰᠤᠷᠠᠯ ᠤᠨ ᠲᠠᠪᠴᠠᠩ — ︽ᠾᠦᠢ ᠳ᠋ᠧᠩ ᠪᠦᠦ︾ ᠣᠶᠤᠨᠴᠢ ᠰᠤᠷᠤᠯᠴᠠᠯᠭ᠎ᠠ ᠶᠢᠨ ᠰᠢᠰᠲ᠋ᠧᠮ ᠢ ᠰᠢᠨ᠎ᠡ ᠪᠠᠷ ᠡᠭᠦᠳᠦᠨ ᠣᠷᠣᠭᠤᠯᠵᠤ᠂ | ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠰᠤᠷᠤᠯᠴᠠᠬᠤ ᠴᠠᠭ ᠢ ᠪᠠᠲᠤᠯᠠᠬᠤ᠂ ᠬᠢᠨᠠᠨ ᠰᠢᠯᠭᠠᠯᠲᠠ ᠶᠢ ᠬᠤᠯᠪᠣᠭᠳᠠᠭᠤᠯᠬᠤ ᠵᠡᠷᠭᠡ ᠢᠵᠢ ᠪᠥᠷᠢᠳᠦᠭᠦᠯᠬᠦ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠳᠡᠩᠰᠡᠯᠡᠨ ᠲᠡᠮᠳᠡᠭᠯᠡᠭᠴᠢ ᠶᠢᠨ ︽ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ — ᠲᠤᠰᠬᠠᠶ ᠮᠡᠷᠭᠡᠵᠢᠯ ᠢᠶᠠᠨ ᠳᠡᠭᠡᠭᠰᠢᠯᠡᠭᠦᠯᠬᠦ — | ᠦᠢᠯᠡᠴᠢᠯᠡᠭᠡᠨ ᠤ ᠦᠷ᠎ᠡ ᠠᠰᠢᠭ ᠢᠶᠠᠨ ᠨᠡᠮᠡᠭᠳᠡᠭᠦᠯᠬᠦ︾ ᠦᠰᠦᠨ ᠪᠤᠶᠢᠵᠢᠯᠲᠠ ᠶᠢᠨ ᠪᠢᠲᠡᠭᠦᠦ ᠴᠠᠭᠠᠷᠢᠭ ᠢ ᠪᠡᠶᠡᠯᠡᠭᠦᠯᠬᠦ ᠶᠢ ᠠᠬᠢᠭᠤᠯᠪᠠ᠃ | ᠣᠶᠤᠨᠲᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭᠲᠦ ᠪᠠᠷ ᠰᠤᠷᠲᠠᠯ ᠤᠨ ᠬᠤᠪᠢᠷᠠᠭᠤᠯᠤᠯᠲᠠ ᠶᠢ ᠬᠦᠲᠦᠯᠦᠨ᠎ᠡ᠃ ︽ᠬᠤᠰᠢᠭᠤᠴᠢ ᠪᠠᠶᠢᠭᠠᠯᠢ · | ᠳᠤᠯᠠᠭᠠᠨ ᠾᠦᠢ ᠳ᠋ᠧᠩ ᠪᠦᠦ︾ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠮᠥᠩᠬᠡ ᠰᠤᠪᠠᠭ · ᠣᠷᠳᠣᠰ ᠤᠨ | ᠡᠨᠧᠷᠭᠢ ᠶᠢᠨ ᠠᠯᠪᠠᠨ ᠬᠡᠷ︾ ᠤᠨ ᠦᠢᠯᠡᠳᠦᠯ ᠴᠢᠳᠠᠪᠤᠷᠢ ᠶᠢᠨ ᠬᠤᠪᠢᠰᠬᠠᠯ ᠢᠶᠠᠷ ᠭᠠᠷᠳᠠᠴᠠ ᠪᠣᠯᠭᠠᠵᠤ᠂ ︽ᠳᠤᠯᠠᠭᠠᠨ ᠬᠤᠲᠠ · ᠳᠤᠯᠠᠭᠠᠨ ᠵᠢᠵᠢᠭ ᠾᠦᠢ ᠳ᠋ᠧᠩ | ᠪᠦᠦ︾ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠭᠠᠷᠭᠠᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠡᠩᠨᠡᠭᠡ ᠶᠢᠨ ᠰᠤᠷᠲᠠᠯ ᠤᠨ ᠪᠠᠶᠢᠩᠭᠤᠵᠢᠭᠰᠠᠨ ᠪᠠᠶᠢᠭᠤᠯᠤᠯᠲᠠ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ | ᠨᠡᠶᠢᠲᠡᠯᠢᠭ ᠵᠢᠱᠢᠶ᠎ᠡ ᠦᠵᠡᠭᠦᠯᠬᠦ ᠢᠨᠵᠧᠨᠧᠷᠢᠩ ᠨᠢ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠤᠷ᠎ᠠ ᠴᠢᠳᠠᠪᠤᠷᠢ ᠶᠢᠨ ᠤᠷᠤᠯᠳᠤᠭᠠᠨ | ᠡᠷᠬᠢᠯᠡᠬᠦ᠂ ︽ᠬᠠᠮᠤᠭ ᠤᠨ ᠭᠤᠶᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠭᠴᠢ︾ ᠶᠢ ᠰᠢᠯᠭᠠᠷᠠᠭᠤᠯᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠠᠵᠢᠯ ᠲᠥᠷᠥᠯ ᠤᠨ ᠴᠢᠳᠠᠪᠤᠷᠢᠲᠠᠨ ᠬᠢᠭᠡᠳ ᠦᠢᠯᠡᠴᠢᠯᠡᠭᠡᠨ ᠤ ᠵᠢᠱᠢᠶᠡᠴᠢ ᠶᠢ ᠭᠦᠨᠵᠡᠭᠡᠶ ᠠᠭᠤᠳᠠᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠶᠢ | ᠬᠠᠷᠢᠯᠴᠠᠨ ᠤᠶᠠᠯᠳᠤᠭᠤᠯᠤᠭᠰᠠᠨ ᠪᠣᠯᠪᠠᠰᠤᠷᠠᠯ ᠤᠨ ᠵᠠᠭᠪᠤᠷ ᠢ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠢᠯᠡᠴᠢᠯᠡᠭᠡᠨ ᠤ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠣᠳᠣᠬᠠᠨ ᠳᠤ᠂ ᠲᠥᠪ ᠤᠨ ᠦᠨᠡᠮᠯᠡᠯ ᠲᠠᠢ ᠬᠥᠮᠦᠰ ᠤᠨ ᠡᠵᠡᠯᠡᠬᠦ ᠬᠠᠷᠢᠴᠠᠯ ᠲᠠᠰᠤᠷᠠᠯᠲᠠ ᠥᠬᠡᠶ ᠳᠡᠭᠡᠭᠰᠢᠯᠡᠵᠦ᠂ ᠣᠯᠠᠨ ᠲᠦᠮᠡᠨ ᠲᠠᠢ ᠬᠠᠷᠢᠴᠠᠭ᠎ᠠ ᠪᠠᠷ | ᠬᠠᠮᠤᠭ ᠤᠨ ᠨᠢᠭᠲᠠ ᠪᠠᠶᠢᠭ᠎ᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ 28 ᠪᠣᠯᠪᠠ᠃ | ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ︽ᠰᠤᠷᠬᠤ ᠪᠠ ᠬᠡᠷᠡᠭᠯᠡᠬᠦ ᠶᠢ | ᠤᠶᠠᠯᠳᠤᠭᠤᠯᠬᠤ︾ ᠬᠥᠮᠦᠵᠢᠭᠦᠯᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠩᠨᠡᠭᠡ ᠶᠢᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠠᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠨ᠎ᠡ᠃ | |